4 ᠰᠠᠷ᠎ᠠ ᠶᠢᠨ 9 ᠤ ᠡᠳᠦᠷ᠂ ᠡᠩᠬᠡ ᠶᠢᠨ ᠤᠷᠤᠰ ᠦᠨᠳᠦᠰᠦᠲᠡᠨ ᠤ ᠰᠢᠶᠠᠩ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠪᠦᠬᠦ ᠰᠢᠶᠠᠩ ᠤᠨ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠬᠥᠭᠵᠢᠯᠲᠡ ᠶᠢᠨ | ᠶᠡᠭᠡ ᠪᠤᠳᠤᠯᠭ᠎ᠠ ᠶᠢ ᠬᠠᠮᠲᠤᠪᠠᠷ ᠵᠥᠪᠯᠡᠪᠡ᠃ ᠲᠣᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 45 ᠬᠥᠮᠦᠨ᠂ ᠬᠤᠷᠠᠯ ᠳᠤ 32 ᠬᠥᠮᠦᠨ | ᠣᠷᠣᠯᠴᠠᠵᠤ᠂ ᠬᠤᠷᠠᠯ ᠳᠤ 4 ᠬᠥᠮᠦᠨ ᠰᠤᠯᠠ ᠤᠷᠤᠯᠴᠠᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭᠠᠨ ᠳᠤ ᠨᠡᠶᠢᠴᠡᠪᠡ᠃ | | | | ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ︽ ᠡᠩᠬᠡ ᠶᠢᠨ ᠤᠷᠤᠰ ᠦᠨᠳᠦᠰᠦᠲᠡᠨ ᠤ ᠰᠢᠶᠠᠩ ᠤᠨ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠂ ︽ᠡᠩᠬᠡ ᠶᠢᠨ ᠤᠷᠤᠰ ᠦᠨᠳᠦᠰᠦᠲᠡᠨ ᠤ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ ᠶᠢᠨ ᠪᠦᠯᠬᠦᠮ ᠤᠨ ᠠᠵᠢᠯ ᠤᠨ ᠮᠡᠳᠡᠭᠦᠯᠦᠯᠲᠡ︾᠂ ︽ᠡᠩᠬᠡ ᠶᠢᠨ ᠤᠷᠤᠰ ᠦᠨᠳᠦᠰᠦᠲᠡᠨ ᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ | 2025 ᠣᠨ ᠤ ᠠᠷᠠᠳ ᠤᠨ ᠠᠮᠢᠳᠤᠷᠠᠯ ᠳᠤ ᠬᠤᠯᠪᠤᠭᠳᠠᠬᠤ ᠵᠢᠱᠢᠭᠳᠡᠭᠰᠡᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ︾ ᠶᠢ ᠨᠠᠷᠢᠨ | ᠬᠢᠨᠠᠮᠠᠭᠠᠢ ᠰᠣᠨᠣᠰᠴᠤ ᠂ ᠬᠢᠨᠠᠨ ᠵᠥᠪᠯᠡᠪᠡ᠃ | | | | ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠡᠯ᠎ᠡ ᠵᠦᠢᠯ ᠤᠨ ᠮᠡᠳᠡᠭᠦᠯᠦᠯᠲᠡ ᠶᠢᠨ ᠲᠣᠭᠤᠷᠢᠨ ᠳᠤ ᠬᠥᠭᠵᠢᠶᠡᠨᠲᠡᠢ ᠶᠠᠷᠢᠯᠴᠠᠨ ᠂ ᠦᠪᠡᠷ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠵᠤᠭᠠᠴᠠᠯ ᠤᠨ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠲᠠᠷᠢᠶᠠᠯᠠᠩ ᠮᠠᠯ ᠠᠵᠤ ᠠᠬᠤᠢ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ | ᠢᠳᠡᠪᠬᠢᠲᠡᠢ ᠰᠠᠨᠠᠯ ᠵᠥᠪᠯᠡᠯᠭᠡ ᠳᠤᠷᠠᠳᠤᠨ ᠭᠠᠷᠭᠠᠪᠠ᠃ | | | | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠠᠮᠵᠢᠯᠲᠠ ᠲᠠᠢ ᠦᠨᠳᠦᠷᠯᠡᠪᠡ᠃ ᠲᠤᠰ ᠤᠳᠠᠭᠠᠨ ᠤ ᠬᠤᠷᠠᠯ ᠢ | ᠠᠮᠵᠢᠯᠲᠠ ᠲᠠᠢ ᠬᠤᠷᠠᠯᠳᠤᠭᠤᠯᠤᠭᠰᠠᠨ ᠨᠢ ᠪᠦᠬᠦ ᠰᠢᠶᠠᠩ ᠤᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠨᠢᠭᠡᠳᠬᠡᠵᠦ᠂ | ᠬᠥᠭᠵᠢᠯᠲᠡ ᠶᠢᠨ ᠴᠢᠭᠯᠡᠯ ᠢ ᠲᠣᠳᠣᠷᠬᠠᠶ ᠪᠣᠯᠭᠠᠭᠰᠠᠨ ᠪᠠᠶᠢᠨ᠎ᠠ᠃ ᠪᠦᠬᠦ ᠲᠥᠯᠥᠭᠡᠯᠡᠭᠴᠢᠳ ᠪᠣᠯᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠳᠤᠤᠷ᠎ᠠ᠂ | ᠡᠩᠬᠡ ᠶᠢᠨ ᠤᠷᠤᠰ ᠦᠨᠳᠦᠰᠦᠲᠡᠨ ᠤ ᠰᠢᠶᠠᠩ ᠯᠠᠪᠲᠠᠢ ᠰᠢᠨ᠎ᠡ ᠠᠶᠠᠨ ᠵᠠᠮ ᠳᠤ ᠪᠠᠨ ᠨᠡᠩ ᠪᠠᠲᠤ ᠴᠢᠩᠭ᠎ᠠ ᠠᠯᠬᠤᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ | ᠴᠤᠭᠴᠠᠯᠠᠨ᠎ᠠ᠃ | | | | | | | | | |