ᠾᠧᠢ ᠱᠠᠨ ᠳᠧᠦ ᠪᠠᠯᠭᠠᠰᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/15
    4 ᠰᠠᠷ᠎ᠠ ᠶᠢᠨ 10 ᠤ ᠡᠳᠦᠷ ᠤᠨ ᠦᠳᠡ ᠳᠤ᠂ ᠾᠧᠢ ᠱᠠᠨ ᠳᠧᠦ ᠪᠠᠯᠭᠠᠰᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ ᠃ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠂ ᠬᠠᠪᠤᠷ ᠤᠨ ᠤᠯᠠᠷᠢᠯ ᠤᠨ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠵᠤ᠂ ᠪᠠᠯᠭᠠᠰᠤᠨ ᠤ ᠳᠣᠲᠣᠷᠠᠬᠢ ᠵᠠᠮ ᠤᠨ ᠬᠤᠶᠠᠷ ᠬᠠᠵᠠᠭᠤ᠂ ᠪᠠᠯᠭᠠᠰᠤᠨ ᠤ ᠭᠠᠳᠠᠨᠠᠬᠢ ᠵᠠᠮ ᠳᠠᠭᠠᠤ ᠪᠠᠶᠢᠬᠤ ᠬᠤᠭ ᠨᠣᠪᠰᠢ ᠶᠢ ᠴᠡᠪᠡᠷᠯᠡᠪᠡ ᠃
              黑山头1.jpg
    ᠨᠠᠮ ᠤᠨ ᠪᠠᠶᠢᠭᠤᠯᠤᠯᠲᠠ  ᠪᠠᠷ ᠤᠳᠤᠷᠢᠳᠤᠮᠵᠢ ᠪᠤᠯᠭᠠᠨ᠂ ᠤᠭ ᠰᠠᠨᠠᠭ᠎ᠠ ᠪᠠᠨ ᠦᠢᠯᠡᠳᠦᠯᠭᠡᠵᠢᠭᠦᠯᠵᠦ ᠂ ᠣᠷᠴᠢᠨ ᠲᠣᠭᠤᠷᠢᠨ ᠢ ᠴᠡᠭᠴᠡᠯᠡᠨ ᠵᠠᠰᠠᠵᠤ᠂   ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠵᠤᠷᠢᠭᠲᠠᠢ ᠡᠭᠦᠷᠭᠡᠯᠡᠨ᠎ᠡ ᠃    ᠨᠠᠮ ᠤᠨ ᠭᠡᠰᠢᠭᠦᠨ ᠺᠠᠳ᠋ᠷᠴᠤᠳ ᠭᠠᠷ ᠲᠠᠭᠠᠨ ᠪᠠᠭᠠᠵᠢ ᠠᠳᠬᠤᠨ᠂ ᠠᠵᠢᠯ  ᠢᠶᠠᠨ ᠬᠤᠪᠢᠶᠠᠷᠢᠯᠠᠨ ᠬᠠᠮᠵᠢᠯᠴᠠᠵᠤ᠂ ᠬᠤᠭ ᠨᠤᠪᠰᠢ ᠶᠢ ᠲᠦᠢᠯᠪᠤᠷᠢᠲᠠᠶ ᠴᠡᠪᠡᠷᠯᠡᠭᠰᠡᠨ ᠪᠠᠶᠢᠨ᠎ᠠ ᠃
       黑山头2.jpg
    ᠪᠣᠬᠢᠷᠲᠤᠯ ᠦᠭᠡᠢ ᠣᠶᠢᠯᠠᠭᠠᠭᠳᠠᠬᠤᠨ  ᠢ ᠰᠡᠳᠬᠢᠯ  ᠳᠤ ᠪᠠᠨ ᠬᠠᠳᠠᠩᠰᠢᠭᠤᠯᠤᠨ᠂ ᠪᠣᠯᠪᠠᠰᠤᠨ ᠰᠢᠨ᠎ᠡ ᠬᠡᠪ ᠰᠤᠷᠲᠠᠯ ᠢᠶᠠᠷ ᠬᠥᠭᠵᠢᠯᠲᠡ ᠶᠢ ᠠᠬᠢᠭᠤᠯᠤᠨ᠎ᠠ ᠃    ᠲᠣᠰ ᠤᠳᠠᠭᠠᠨ ᠤ ᠠᠵᠢᠯᠯᠠᠭ᠎ᠠ ᠨᠢ ᠣᠷᠴᠢᠨ ᠲᠤᠭᠤᠷᠢᠨ ᠢ ᠴᠡᠭᠴᠡᠯᠡᠨ ᠵᠠᠰᠠᠭᠰᠠᠨ ᠢᠶᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠪᠣᠬᠢᠷᠲᠤᠯ ᠥᠬᠡᠶ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠪᠣᠯᠬᠤ ᠶᠤᠮ᠃ ᠬᠥᠳᠡᠯᠮᠦᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠠᠮᠢᠳᠤᠷᠠᠯ ᠤᠨ ᠣᠷᠴᠢᠨ ᠨᠥᠬᠦᠴᠡᠯ ᠢ ᠬᠠᠮᠠᠭᠠᠯᠠᠬᠤ ᠨᠢ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠦᠨᠵᠡᠭᠡᠶ ᠣᠶᠢᠯᠠᠭᠠᠪᠠ᠃
      黑山头3.jpg
    ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠢ ᠭᠤᠣᠯ ᠰᠡᠳᠦᠪᠲᠦ ᠨᠠᠮ ᠤᠨ ᠡᠳᠦᠷ᠂ ᠰᠠᠶᠢᠨ ᠳᠤᠷ᠎ᠠ ᠶᠢᠨ ᠦᠢᠯᠡᠴᠢᠯᠡᠭᠡ ᠲᠠᠢ ᠤᠶᠠᠯᠳᠤᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠵᠡᠷᠭᠡ ᠠᠵᠢᠯᠯᠠᠭ᠎ᠠ ᠶᠢ ᠲᠤᠭᠲᠠᠭᠰᠠᠨ ᠬᠤᠭᠤᠴᠠᠭ᠎ᠠ ᠲᠠᠢ ᠦᠷᠨᠢᠭᠦᠯᠦᠨ᠂ ᠴᠢᠨᠠᠷᠯᠢᠭ ᠬᠥᠭᠵᠢᠯᠲᠡ ᠶᠢ ᠠᠬᠢᠭᠤᠯᠵᠤ᠂ ᠪᠣᠬᠢᠷᠲᠤᠯ ᠦᠭᠡᠢ ᠡᠷᠡᠭᠦᠯ ᠡᠩᠬᠡ ᠾᠧᠢ ᠱᠠᠨ ᠳᠧᠦ ᠪᠠᠯᠭᠠᠰᠤ ᠶᠢ ᠪᠦᠳᠦᠬᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ ᠭᠡᠵᠡᠢ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ