4 ᠰᠠᠷ᠎ᠠ ᠶᠢᠨ 13 ᠤ ᠡᠳᠦᠷ ᠂ ᠡᠷᠭᠦᠨ᠎ᠡ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠢᠨ ᠨᠠᠢᠮᠠᠳᠤᠭᠠᠷ | ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ ᠃ | ᠬᠤᠷᠠᠯ ᠠᠴᠠ ︽ ᠲᠠᠪᠤᠨ ᠶᠡᠭᠡ ᠡᠭᠦᠷᠭᠡ ︾ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠂ ᠤᠢ ᠮᠣᠳᠣ ᠡᠪᠡᠰᠦ ᠪᠡᠯᠴᠢᠭᠡᠷ ᠢ ᠡᠪᠳᠡᠬᠦ᠂ ᠨᠤᠭᠤ | ᠭᠠᠵᠠᠷ ᠢ ᠰᠦᠢᠳᠬᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠂ ᠰᠦᠨ ᠤ ᠦᠢᠯᠡᠰ ᠤᠨ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠬᠦ ᠂ ᠪᠡᠯᠡ ᠮᠥᠩᠭᠦ ᠪᠠ ᠲᠦᠷᠦᠯ ᠵᠦᠢᠯ ᠢ ᠵᠣᠯᠭᠠᠭᠤᠯᠬᠤ ᠂ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢ ᠲᠣᠬᠢᠷᠠᠭᠤᠯᠬᠤ | ᠵᠡᠷᠭᠡ ᠬᠤᠯᠪᠣᠭᠳᠠᠯ ᠪᠦᠬᠦᠢ ᠲᠥᠰᠥᠯ ᠢ ᠰᠤᠳᠤᠯᠤᠨ᠂ ᠤᠯᠤᠰ ᠤᠨ ᠦᠮᠴᠢᠯᠡᠯᠲᠦ ᠲᠠᠷᠢᠶᠠᠨ ᠭᠠᠵᠠᠷ ᠤᠨ ᠪᠠᠶᠢᠳᠠᠯ ᠢ ᠪᠠᠶᠢᠴᠠᠭᠠᠬᠤ ᠠᠵᠢᠯ ᠤᠨ ᠵᠢᠯᠤᠭᠤᠳᠬᠤ | ᠳᠦᠷᠢᠮ ᠢ ᠬᠢᠨᠠᠨ ᠵᠥᠪᠯᠡᠵᠦ ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠳᠠᠬᠢᠨ ᠪᠦᠷᠢᠳᠬᠡᠵᠦ ᠳᠠᠬᠢᠨ ᠪᠠᠶᠢᠷᠢᠯᠠᠭᠤᠯᠪᠠ ᠃ |