ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠠᠯ ᠠᠵᠤ ᠠᠬᠤᠶ ᠶᠢᠨ ᠦᠷᠭᠦᠯᠵᠢᠯᠡᠬᠦᠶᠢᠴᠡ ᠬᠥᠭᠵᠢᠯᠲᠡ ᠶᠢ ᠦᠨᠡᠨ ᠬᠦ | ᠠᠬᠢᠭᠤᠯᠬᠤ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠰᠢᠪᠡᠭᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠪᠡᠯᠴᠢᠭᠡᠷᠯᠡᠭᠦᠯᠬᠦ ᠶᠢ ᠵᠤᠭᠰᠤᠭᠠᠵᠤ ᠦᠨᠵᠢᠭᠦᠯᠵᠦ ᠮᠠᠯᠯᠠᠬᠤ ᠪᠡᠯᠡᠳᠬᠡᠯ ᠠᠵᠢᠯ ᠤᠨ ᠪᠠᠶᠢᠴᠠᠭᠠᠯᠲᠠ ᠬᠢᠪᠡ᠃ | | | | ᠰᠢᠪᠡᠭᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ | ᠨᠢᠦ ᠵᠢᠶᠠᠨ ᠮᠢᠨ ᠪᠠᠶᠢᠴᠠᠭᠠᠬᠤ ᠪᠦᠯᠬᠦᠮ ᠳᠠᠭᠠᠭᠤᠯᠤᠨ ᠂ ᠡᠯ᠎ᠡ ᠦᠢᠯᠡᠳᠪᠦᠷᠢᠯᠡᠯ ᠤᠨ ᠪᠠᠷᠢᠭᠠᠳᠠ ᠪᠠ ᠮᠠᠯ ᠲᠡᠵᠢᠭᠡᠪᠦᠷᠢ ᠲᠡᠵᠢᠭᠡᠵᠦ ᠪᠠᠶᠢᠭ᠎ᠠ ᠡᠷᠦᠬᠡ ᠳᠤ ᠬᠦᠷᠴᠦ ᠂ | ᠺᠣᠮᠫᠠᠨᠢ ᠶᠢᠨ ᠪᠡᠯᠴᠢᠭᠡᠷᠯᠡᠭᠦᠯᠬᠦ ᠶᠢ ᠵᠤᠭᠰᠤᠭᠠᠵᠤ ᠦᠨᠵᠢᠭᠦᠯᠵᠦ ᠮᠠᠯᠯᠠᠬᠤ ᠪᠡᠯᠡᠳᠬᠡᠯ ᠠᠵᠢᠯ ᠢ ᠪᠥᠬᠦ ᠲᠠᠯ᠎ᠠ ᠪᠠᠷ ᠪᠠᠶᠢᠴᠠᠭᠠᠪᠠ᠃ | | | | ᠲᠠᠷᠠᠭᠠᠴᠢ ᠶᠢᠨ ᠠᠯᠬᠤᠮ ᠤᠨ ᠠᠵᠢᠯ ᠳᠤ ᠴᠢᠭᠯᠡᠭᠦᠯᠦᠨ᠂ ᠨᠢᠦ ᠵᠢᠶᠠᠨ ᠮᠢᠨ ᠶᠡᠷᠦᠩᠬᠡᠶ ᠳᠠᠭᠠᠭᠠᠮᠠᠯ ᠪᠣᠳᠠᠲᠠᠶ ᠱᠠᠭᠠᠷᠳᠠᠯᠭ᠎ᠠ ᠳᠤᠷᠠᠳᠪᠠ᠄ ᠨᠢᠭᠡ ᠳᠤ ᠂ | ᠤᠬᠠᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠣᠯᠠᠨ ᠵᠦᠢᠯ ᠤᠨ ᠬᠡᠯᠪᠡᠷᠢ ᠪᠠᠷ ᠥᠷᠭᠡᠨ ᠣᠯᠠᠨ ᠮᠠᠯᠴᠢᠨ ᠲᠠᠷᠢᠶᠠᠴᠢᠨ ᠳᠤ ᠪᠡᠯᠴᠢᠭᠡᠷᠯᠡᠭᠦᠯᠬᠦ ᠶᠢ ᠵᠤᠭᠰᠤᠭᠠᠵᠤ | ᠦᠨᠵᠢᠭᠦᠯᠵᠦ ᠮᠠᠯᠯᠠᠬᠤ ᠲᠥᠷᠥ ᠶᠢᠨ ᠪᠣᠳᠣᠯᠭ᠎ᠠ ᠶᠢᠨ ᠴᠢᠬᠤᠯᠠ ᠴᠢᠨᠠᠷ ᠢ ᠤᠬᠠᠭᠤᠯᠵᠤ᠂ ᠮᠠᠯᠴᠢᠨ ᠲᠠᠷᠢᠶᠠᠴᠢᠨ ᠤ ᠠᠮᠢ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠢ | ᠳᠡᠭᠡᠭᠰᠢᠯᠡᠭᠦᠯᠦᠨ᠂ ᠣᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠤᠯᠬᠤ ᠪᠠᠷ ᠴᠢᠷᠮᠠᠶᠢᠨ᠎ᠠ ᠃ ᠬᠤᠶᠠᠷ ᠲᠤ ᠂ ᠰᠠᠭᠤᠷᠢ ᠲᠤᠨᠤᠭ ᠲᠦᠭᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠣᠲᠣ ᠶᠢᠨ ᠪᠠᠶᠢᠭ᠎ᠠ ᠬᠦᠷᠢᠶ᠎ᠡ ᠬᠠᠰᠢᠶ᠎ᠠ ᠶᠢ ᠪᠥᠬᠦ ᠲᠠᠯ᠎ᠠ ᠪᠠᠷ ᠪᠠᠶᠢᠴᠠᠭᠠᠨ᠂ ᠰᠡᠯᠪᠢᠨ ᠵᠠᠰᠠᠨ᠎ᠠ᠃ ᠢᠩᠭᠢᠭᠡᠳ᠂ | ᠲᠤᠰ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠤᠭᠰᠤᠭᠠᠵᠤ ᠦᠨᠵᠢᠭᠦᠯᠵᠦ ᠮᠠᠯᠯᠠᠬᠤ ᠠᠵᠢᠯ ᠢ ᠪᠦᠲᠦᠮᠵᠢᠲᠡᠶ ᠦᠷᠨᠢᠭᠦᠯᠬᠦ ᠶᠢ ᠪᠠᠲᠤᠯᠠᠨ᠎ᠠ ᠃ ᠭᠤᠷᠪᠠ ᠳᠤ᠂ ᠮᠠᠯ ᠤᠨ | ᠡᠪᠡᠰᠦ ᠪᠤᠷᠳᠤᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠪᠡᠯᠴᠢᠭᠡᠷᠯᠡᠭᠦᠯᠬᠦ ᠶᠢ ᠵᠤᠭᠰᠤᠭᠠᠵᠤ ᠦᠨᠵᠢᠭᠦᠯᠵᠦ ᠮᠠᠯᠯᠠᠬᠤ ᠬᠤᠭᠤᠴᠠᠭᠠᠨ ᠳᠤ ᠮᠠᠯ ᠤᠨᠤᠭᠠᠨ ᠳᠤ | ᠭᠦᠢᠴᠡᠳ ᠬᠡᠮᠵᠢᠶᠡᠨ ᠤ ᠡᠪᠡᠰᠦ ᠪᠣᠷᠳᠤᠭ᠎ᠠ ᠬᠠᠩᠭᠠᠬᠤ ᠶᠢ ᠪᠠᠲᠤᠯᠠᠨ᠎ᠠ᠃ ᠡᠭᠦᠨ ᠤ ᠬᠠᠮᠲᠤ᠂ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠠᠪᠴᠤ᠂ ᠡᠪᠡᠰᠦ | ᠪᠤᠷᠳᠤᠭᠠᠨ ᠤ ᠬᠠᠳᠠᠭᠠᠯᠠᠯᠲᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ |