ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠠᠬᠢᠭᠤᠯᠵᠤ᠂ ᠠᠷᠢᠭᠤᠨ ᠴᠡᠪᠡᠷ ᠳᠡᠷᠢ ᠲᠡᠭᠰᠢ᠂ ᠡᠷᠡᠭᠦᠯ ᠰᠠᠷᠠᠭᠤᠯ ᠣᠷᠣᠰᠢᠨ | ᠰᠠᠭᠤᠷᠢᠰᠢᠬᠤ ᠳᠤ ᠲᠣᠬᠢᠷᠠᠮᠵᠢᠲᠠᠢ ᠣᠷᠴᠢᠨ ᠢ ᠪᠤᠢ ᠪᠣᠯᠭᠠᠬᠤ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠬᠢᠶᠠᠨ ᠰᠢᠶᠠᠩ ᠺᠠᠳ᠋ᠷ ᠠᠵᠢᠯᠲᠠᠳ ᠢᠶᠠᠨ ᠵᠤᠬᠢᠶᠠᠨ | ᠪᠠᠶᠢᠭᠤᠯᠵᠤ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠬᠢ ᠲᠠᠢ ᠬᠠᠮᠲᠤᠷᠠᠨ ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ | ᠦᠷᠨᠢᠭᠦᠯᠪᠡ᠃ | | | | ᠠᠵᠢᠯᠯᠠᠭᠠᠨ ᠤ ᠳᠤᠮᠳᠠ᠂ ᠺᠠᠳ᠋ᠷ ᠠᠵᠢᠯᠲᠠᠨ ᠠᠵᠢᠯᠴᠢᠨ ᠵᠠᠮ ᠱᠤᠭᠤᠮ᠂ ᠨᠣᠭᠤᠭᠠᠷᠠᠭᠤᠯᠤᠯᠲᠠ ᠶᠢᠨ ᠪᠦᠰᠡ ᠶᠢ ᠨᠠᠷᠢᠨ ᠨᠢᠮᠪᠠᠶ ᠴᠡᠪᠡᠷᠯᠡᠵᠦ᠂ ᠡᠪᠦᠯ ᠤᠨ | ᠤᠯᠠᠷᠢᠯ ᠤᠨ ᠡᠯ᠎ᠡ ᠲᠥᠷᠥᠯ ᠤᠨ ᠬᠤᠭ ᠨᠣᠪᠰᠢ ᠶᠢ ᠲᠥᠪᠯᠡᠷᠡᠭᠦᠯᠦᠨ ᠴᠡᠭᠴᠡᠯᠡᠨ ᠵᠠᠰᠠᠪᠠ᠃ | | | | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 20 ᠤᠳᠠᠭ᠎ᠠ ᠠᠵᠢᠯᠯᠠᠵᠤ ᠂ ᠡᠯ᠎ᠡ ᠲᠥᠷᠥᠯ ᠤᠨ ᠬᠤᠭ ᠨᠣᠪᠰᠢ ᠶᠢ ᠨᠡᠶᠢᠲᠡ 30 ᠭᠠᠷᠤᠶ ᠤᠭᠤᠲᠠ ᠴᠡᠪᠡᠷᠯᠡᠪᠡ᠃ | ᠢᠩᠭᠢᠭᠡᠳ᠂ ᠮᠠᠨ ᠤ ᠰᠢᠶᠠᠩ ᠤᠨ ᠡᠷᠡᠭᠦᠯ ᠬᠠᠮᠠᠭᠠᠯᠠᠯ ᠢ ᠢᠯᠡᠳᠲᠡ ᠰᠠᠶᠢᠵᠢᠷᠠᠭᠤᠯᠪᠠ᠃ | | | | ᠳᠠᠷᠠᠭᠠᠴᠢ ᠶᠢᠨ ᠠᠯᠬᠤᠮ ᠳᠤ᠂ ᠬᠢᠶᠠᠨ ᠰᠢᠶᠠᠩ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠠᠷ ᠠᠵᠠ ᠲᠣᠬᠢᠶᠠᠯ ᠪᠣᠯᠭᠠᠵᠤ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠠ ᠤᠬᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠪᠦᠬᠦ ᠠᠷᠠᠳ ᠢᠶᠠᠷ ᠢᠶᠠᠨ ᠣᠷᠣᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠤᠳᠠ ᠶᠢᠨ ᠣᠷᠴᠢᠨ ᠲᠣᠭᠤᠷᠢᠨ ᠢ ᠪᠦᠷᠢᠯᠳᠦᠭᠦᠯᠬᠦ ᠳᠤ ᠬᠦᠴᠦᠨ | ᠴᠢᠳᠠᠯ ᠢᠶᠠᠨ ᠡᠷᠭᠦᠨ᠎ᠡ ᠭᠡᠵᠡᠢ᠃ |