ᠤᠯᠠᠨ ᠲᠦᠮᠡᠨ ᠤ ᠪᠷᠦ᠋ᠼᠧᠯ ᠡᠪᠡᠳᠴᠢᠨ ᠤ ᠲᠤᠬᠠᠢ ᠲᠠᠨᠢᠯᠲᠠ ᠶᠢ ᠴᠢᠨᠠᠭᠰᠢᠳᠠ ᠳᠡᠭᠡᠭᠰᠢᠯᠡᠭᠦᠯᠵᠦ ᠂ ᠰᠡᠷᠭᠡᠶᠢᠯᠡᠨ ᠡᠵᠡᠮᠳᠡᠬᠦ ᠤᠬᠠᠮᠰᠠᠷ ᠢ ᠴᠢᠩᠭᠠᠳᠬᠠᠬᠤ ᠶᠢᠨ | ᠲᠥᠯᠥᠭᠡ ᠂ 4 ᠰᠠᠷ᠎ᠠ ᠶᠢᠨ 15 ᠤ ᠡᠳᠦᠷ ᠂ ᠰᠠᠨ ᠾᠧ ᠤᠨ ᠬᠤᠲᠣᠩ ᠦᠨᠳᠦᠰᠦᠲᠡᠨ ᠤ ᠰᠢᠶᠠᠩ ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠤᠪᠴᠢᠶᠠᠨ ᠤ ᠬᠢᠵᠢᠭ ᠢ ᠰᠡᠷᠭᠡᠶᠢᠯᠡᠨ ᠡᠵᠡᠮᠳᠡᠬᠦ ᠲᠥᠪ ᠪᠠ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠤᠯᠪᠤᠭᠠᠯᠠᠨ ᠂ ᠪᠷᠦ᠋ᠼᠧᠯ | ᠡᠪᠡᠳᠴᠢᠨ ᠤ ᠲᠤᠬᠠᠢ ᠤᠬᠠᠭᠤᠯᠭ᠎ᠠ ᠬᠢᠪᠡ᠃ | | | | ᠲᠤᠬᠠᠢ ᠶᠢᠨ ᠲᠠᠯᠠᠪᠤᠷ ᠲᠤ᠂ ᠲᠤᠰᠬᠠᠢ ᠮᠡᠷᠭᠡᠵᠢᠯ ᠤᠨ ᠠᠵᠢᠯᠲᠠᠨ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠳᠠᠮᠵᠢᠭᠤᠯᠤᠨ᠂ ᠣᠯᠠᠨ ᠲᠦᠮᠡᠨ ᠳᠤ ᠪᠷᠦ᠋ᠼᠧᠯ | ᠡᠪᠡᠳᠴᠢᠨ ᠤ ᠬᠠᠯᠳᠠᠪᠤᠷᠢᠯᠠᠬᠤ ᠡᠬᠢ ᠰᠤᠷᠪᠤᠯᠵᠢ᠂ ᠬᠠᠯᠳᠠᠪᠤᠷᠢᠯᠠᠬᠤ ᠠᠷᠭ᠎ᠠ ᠵᠠᠮ᠂ ᠬᠠᠯᠳᠠᠪᠤᠷᠢᠯᠠᠮᠠᠲᠠᠭᠠᠢ ᠬᠥᠮᠥᠰ᠂ ᠡᠪᠡᠳᠴᠢᠨ ᠤ ᠢᠯᠡᠷᠡᠯ ᠵᠡᠷᠭᠡ ᠶᠢ ᠨᠠᠷᠢᠨ | ᠲᠠᠶᠢᠯᠪᠤᠷᠢᠯᠠᠵᠤ ᠥᠭᠴᠡᠢ᠃ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠲᠤᠰᠬᠠᠢ ᠮᠡᠷᠭᠡᠵᠢᠯ ᠤᠨ ᠠᠵᠢᠯᠲᠠᠳ | ᠣᠳᠣᠬᠠᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠳᠠᠯ ᠢ ᠭᠦᠨᠵᠡᠭᠡᠢ ᠵᠠᠳᠠᠯᠤᠨ ᠰᠢᠨᠵᠢᠯᠡᠵᠦ᠂ ᠲᠡᠵᠢᠭᠡᠨ ᠦᠷᠡᠵᠢᠭᠦᠯᠬᠦ ᠲᠠᠯᠠᠪᠤᠷ ᠤᠨ ᠡᠷᠡᠭᠦᠯ | ᠬᠠᠮᠠᠭᠠᠯᠠᠯ ᠤᠨ ᠬᠠᠮᠢᠶᠠᠷᠤᠯᠲᠠ ᠶᠢ ᠴᠢᠩᠭᠠᠳᠬᠠᠨ᠂ ᠬᠦᠷᠢᠶ᠎ᠡ ᠬᠠᠰᠢᠶ᠎ᠠ ᠪᠠᠨ ᠲᠣᠭᠲᠠᠭᠰᠠᠨ ᠬᠤᠭᠤᠴᠠᠭ᠎ᠠ ᠲᠠᠢ ᠠᠷᠢᠭᠤᠳᠬᠠᠬᠤ ᠵᠡᠷᠭᠡ ᠪᠣᠳᠠᠲᠤ ᠬᠡᠷᠡᠭᠯᠡᠭᠡᠨ ᠤ ᠠᠷᠭ᠎ᠠ | ᠬᠡᠮᠵᠢᠶ᠎ᠡ ᠶᠢ ᠬᠡᠯᠡᠵᠦ ᠦᠭᠪᠡ᠃ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠳ ᠪᠷᠦ᠋ᠼᠧᠯ ᠡᠪᠡᠳᠴᠢᠨ ᠢ ᠰᠡᠷᠭᠡᠶᠢᠯᠡᠬᠦ ᠠᠷᠭ᠎ᠠ ᠶᠢ | ᠭᠤᠣᠯᠳᠠᠯᠭ᠎ᠠ ᠲᠠᠢ ᠲᠠᠨᠢᠯᠴᠠᠭᠤᠯᠪᠠ᠂ ᠵᠢᠱᠢᠶᠡᠯᠡᠪᠡᠯ ᠮᠠᠯ ᠤᠨᠤᠭ᠎ᠠ ᠪᠠ ᠮᠠᠯ ᠤᠨ ᠠᠰᠢᠭ ᠰᠢᠮ᠎ᠡ ᠲᠠᠢ ᠣᠶᠢᠷᠠᠳᠬᠤ ᠦᠶ᠎ᠡ ᠳᠤ ᠠᠮᠠᠪᠴᠢ᠂ ᠪᠡᠭᠡᠯᠡᠢ ᠵᠡᠭᠦᠵᠦ᠂ | ᠬᠠᠮᠠᠭᠠᠯᠠᠯᠲᠠ ᠶᠢᠨ ᠬᠤᠪᠴᠠᠰᠤ ᠡᠮᠦᠰᠬᠦ ᠬᠡᠷᠡᠭᠲᠡᠢ ᠃ | ᠲᠣᠰ ᠤᠳᠠᠭᠠᠨ ᠤ ᠤᠬᠠᠭᠤᠯᠭ᠎ᠠ ᠪᠠᠷ ᠳᠡᠮᠵᠢᠨ᠂ ᠰᠠᠨ ᠾᠧ ᠤᠨ ᠬᠤᠲᠣᠩ ᠦᠨᠳᠦᠰᠦᠲᠡᠨ ᠤ ᠰᠢᠶᠠᠩ ᠤᠨ ᠣᠯᠠᠨ ᠲᠦᠮᠡᠨ ᠪᠷᠦ᠋ᠼᠧᠯ ᠡᠪᠡᠳᠴᠢᠨ ᠤ ᠲᠤᠬᠠᠢ | ᠨᠠᠩ ᠭᠦᠨᠵᠡᠭᠡᠢ ᠣᠶᠢᠯᠠᠭᠠᠯᠲᠠ ᠲᠠᠢ ᠪᠣᠯᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠨᠢ ᠢᠯᠡᠳᠲᠡ ᠳᠡᠭᠡᠭᠰᠢᠯᠡᠵᠡᠢ᠃ ᠡᠭᠦᠨ ᠤ ᠬᠠᠮᠲᠤ᠂ ᠰᠠᠨ | ᠾᠧ ᠤᠨ ᠬᠤᠲᠣᠩ ᠦᠨᠳᠦᠰᠦᠲᠡᠨ ᠤ ᠰᠢᠶᠠᠩ ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠬᠢᠵᠢᠭ ᠢ ᠰᠡᠷᠭᠡᠶᠢᠯᠡᠨ ᠡᠵᠡᠮᠳᠡᠬᠦ ᠲᠥᠪ ᠪᠠ | ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠤᠭᠤᠷᠣᠨᠳᠣᠬᠢ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠷᠦ᠋ᠼᠧᠯ | ᠡᠪᠡᠳᠴᠢᠨ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠣᠯᠠᠨ ᠲᠦᠮᠡᠨ ᠤ ᠪᠡᠶ᠎ᠡ | ᠮᠠᠬᠠᠪᠤᠳ ᠤᠨ ᠡᠷᠡᠭᠦᠯ ᠮᠡᠨᠳᠦ ᠪᠠ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ |