ᠤᠯᠠᠭᠠᠨ ᠵᠠᠭᠠᠯᠮᠠᠶᠢᠲᠠᠨ ᠤ ︽ᠬᠥᠮᠦᠯᠢᠭ ᠦᠵᠡᠯ ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠪᠦᠯᠬᠦᠮᠳᠡᠨ ᠬᠠᠪᠰᠤᠷᠤᠯᠴᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠵᠠᠯᠭᠠᠮᠵᠢᠯᠠᠨ ᠪᠠᠳᠠᠷᠠᠭᠤᠯᠬᠤ ᠶᠢᠨ ᠲᠥᠯᠥᠭᠡ᠂ 4 ᠰᠠᠷ᠎ᠠ ᠶᠢᠨ | 15 ᠤ ᠡᠳᠦᠷ᠂ ᠳᠡᠭᠡᠳᠦ ᠦᠷᠭᠡᠨ ᠵᠡᠭᠡᠯᠢ ᠭᠤᠳᠤᠮᠵᠢ 2025 ᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠬᠤ ᠠᠵᠢᠯᠯᠠᠭ᠎ᠠ ᠥᠷᠨᠢᠭᠦᠯᠪᠡ ᠃ | | | | ᠠᠵᠢᠯᠯᠠᠭᠠᠨ ᠤ ᠳᠤᠮᠳᠠ ᠂ ᠮᠠᠨ ᠤ ᠵᠡᠭᠡᠯᠢ ᠭᠤᠳᠤᠮᠵᠢ ᠶᠢᠨ ᠪᠦᠬᠦ ᠺᠠᠳ᠋ᠷ ᠠᠵᠢᠯᠲᠠᠳ ᠬᠤᠶᠢᠨ᠎ᠠ ᠬᠤᠶᠢᠨ᠎ᠠ ᠠᠴᠠ ᠪᠠᠨ ᠴᠤᠤᠷᠢᠶᠠᠲᠤᠨ ᠳᠠᠭᠠᠵᠤ᠂ ᠦᠪᠡᠷ ᠤᠨ | ᠦᠢᠯᠡ ᠠᠵᠢᠯᠯᠠᠭ᠎ᠠ ᠪᠠᠷ ᠢᠶᠠᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠳᠡᠮᠵᠢᠪᠡ᠃ | | | | ᠲᠣᠰ ᠤᠳᠠᠭᠠᠨ ᠤ ᠲᠥᠪᠯᠡᠷᠡᠭᠦᠯᠦᠨ ᠬᠠᠨᠳᠢᠪᠯᠠᠬᠤ ᠠᠵᠢᠯᠯᠠᠭ᠎ᠠ ᠳᠤ 54 ᠺᠠᠳ᠋ᠷ ᠠᠵᠢᠯᠲᠠᠨ ᠣᠷᠣᠯᠴᠠᠵᠤ ᠂ ᠨᠡᠶᠢᠲᠡ ᠳᠥᠷᠪᠡᠨ ᠮᠢᠩᠭ᠎ᠠ ᠭᠠᠷᠤᠢ ᠲᠥᠭᠦᠷᠢᠭ | ᠮᠥᠩᠭᠦ ᠴᠤᠭᠯᠠᠭᠤᠯᠵᠠᠢ ᠃ ᠬᠠᠨᠳᠢᠪᠯᠡᠭ᠌ᠰᠠᠨ ᠮᠥᠩᠭᠦ ᠶᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠣᠭᠤᠰ ᠴᠤᠭᠯᠠᠭᠤᠯᠬᠤ ᠲᠤᠰᠬᠠᠢ ᠲᠠᠩᠰᠠᠨ ᠳᠤ ᠣᠷᠣᠭᠤᠯᠵᠤ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠢ ᠭᠡᠷ ᠪᠦᠯᠢ ᠶᠢ ᠠᠪᠤᠷᠠᠨ ᠲᠤᠰᠠᠯᠠᠬᠤ ᠳᠤ | ᠬᠡᠷᠡᠭᠯᠡᠨ᠎ᠡ᠃ ᠲᠤᠰ ᠤᠳᠠᠭᠠᠨ ᠤ ᠵᠣᠭᠤᠰ ᠬᠠᠨᠳᠢᠪᠯᠡᠬᠤ ᠠᠵᠢᠯᠯᠠᠭ᠎ᠠ ᠨᠢ ᠪᠦᠬᠦ ᠺᠠᠳ᠋ᠷ ᠠᠵᠢᠯᠲᠠᠨ ᠤ ᠶᠡᠭᠡ ᠲᠠᠯ᠎ᠠ ᠶᠢᠨ ᠦᠵᠡᠯᠲᠡ ᠪᠠ ᠨᠡᠶᠢᠭᠡᠮ ᠤᠨ | ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠪᠠ᠃ ᠬᠤᠶᠢᠰᠢᠳᠠ ᠂ ᠳᠡᠭᠡᠳᠦ ᠦᠷᠭᠡᠨ ᠵᠡᠭᠡᠯᠢ ᠭᠤᠳᠤᠮᠵᠢ ᠦᠷᠭᠦᠯᠵᠢᠯᠡᠨ ᠤᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠪᠠᠷ ᠵᠣᠷᠢᠯᠲᠠ ᠪᠤᠯᠭᠠᠨ ᠂ ᠨᠡᠶᠢᠭᠡᠮ ᠤᠨ ᠢᠳᠡᠪᠬᠢ ᠬᠦᠴᠦᠨ ᠢ | ᠲᠠᠰᠤᠷᠠᠯᠲᠠ ᠦᠭᠡᠢ ᠳᠠᠶᠢᠴᠢᠯᠠᠨ᠂ ᠨᠡᠶᠢᠭᠡᠮ ᠤᠨ ᠬᠠᠶᠢᠷ᠎ᠠ ᠬᠠᠯᠠᠮᠵᠢ ᠶᠢ ᠳᠠᠮᠵᠢᠭᠤᠯᠵᠤ ᠂ ᠬᠥᠮᠥᠰ ᠢ ᠬᠥᠲᠥᠯᠥᠨ ᠵᠢᠯᠤᠭᠤᠳᠴᠤ᠂ ᠥᠭᠡᠳᠡᠯᠡᠨ ᠳᠠᠪᠰᠢᠵᠤ ᠂ ᠤᠯᠠᠨ | ᠲᠦᠮᠡᠨ ᠤ ᠬᠦᠴᠢᠷ ᠵᠣᠪᠠᠭᠤᠷᠢ ᠶᠢ ᠦᠨᠡᠨᠬᠦ ᠰᠢᠢᠳᠪᠦᠷᠢᠯᠡᠨ᠎ᠡ᠃ ᠡᠶ᠎ᠡ ᠨᠠᠶᠢᠷᠠᠮᠳᠠᠭᠤ᠂ ᠬᠠᠷᠢᠯᠴᠠᠨ ᠬᠠᠪᠰᠤᠷᠤᠯᠴᠠᠬᠤ ᠰᠠᠶᠢᠨ ᠰᠠᠶᠢᠬᠠᠨ ᠣᠷᠴᠢᠨ ᠲᠣᠭᠤᠷᠢᠨ ᠢ | ᠴᠢᠷᠮᠠᠶᠢᠨ ᠪᠦᠷᠢᠯᠳᠦᠭᠦᠯᠦᠨ᠎ᠡ ᠭᠡᠵᠡᠢ᠃ |