ᠯᠠᠪᠳᠠᠯᠢᠨ ᠵᠡᠭᠡᠯᠢ ᠭᠤᠳᠤᠮᠵᠢ ᠶᠢᠨ ᠡᠶ᠎ᠡ ᠨᠠᠶᠢᠷᠠᠮᠳᠠᠭᠤ ᠨᠡᠶᠢᠭᠡᠮ ᠲᠣᠭᠤᠷᠢᠭ᠂ ᠤᠬᠠᠭᠤᠯᠬᠤ ᠬᠡᠯᠲᠡᠰ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ ᠤᠨ ᠠᠯᠪᠠᠨ ᠭᠡᠷ ᠬᠤᠯᠪᠤᠭᠠᠯᠠᠨ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠢᠪᠡ
ᠨᠡᠶᠢᠲᠡᠯᠡᠭᠰᠡᠨ ᠴᠠᠭ᠄
2025/4/16
    ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠡᠶ᠎ᠡ ᠨᠠᠶᠢᠷᠠᠮᠳᠠᠭᠤ ᠨᠡᠶᠢᠭᠡᠮ ᠲᠣᠭᠤᠷᠢᠭ ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ ᠤᠨ ᠠᠯᠪᠠᠨ ᠭᠡᠷ ᠬᠤᠯᠪᠤᠭᠠᠯᠠᠨ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠢᠪᠡ᠃
       拉布大林1.jpg
    ᠠᠵᠢᠯᠯᠠᠭᠠᠨ ᠤ ᠳᠤᠮᠳᠠ ᠂ ᠠᠵᠢᠯᠲᠠᠳ ︽ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ ᠂ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ︾  ᠪᠠᠷ ᠭᠤᠣᠯ ᠰᠡᠳᠦᠪ ᠪᠣᠯᠭᠠᠵᠤ ᠂ ᠤᠯᠤᠰ ᠤᠨ ᠠᠮᠤᠷ ᠲᠦᠪᠰᠢᠨ ᠤ ᠦᠨᠳᠦᠰᠦᠨ ᠠᠭᠤᠯᠤᠭᠳᠠᠬᠤᠨ ᠂ ᠴᠢᠬᠤᠯᠠ ᠴᠢᠨᠠᠷ ᠵᠢᠴᠢ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠᠬᠢ ᠡᠭᠦᠷᠭᠡ ᠬᠠᠷᠢᠭᠤᠴᠠᠯᠭ᠎ᠠ ᠵᠡᠷᠭᠡ ᠶᠢ ᠨᠠᠷᠢᠨ ᠲᠠᠶᠢᠯᠪᠤᠷᠢᠯᠠᠪᠠ᠃ ᠠᠮᠢᠳᠤᠯᠢᠭ ᠬᠡᠷᠡᠭ ᠤᠨ ᠵᠢᠱᠢᠶ᠎ᠡ  ᠪᠠᠷ ᠳᠠᠮᠵᠢᠭᠤᠯᠤᠨ ᠂ ᠤᠯᠤᠰ ᠲᠦᠷᠦ ᠶᠢᠨ ᠠᠮᠤᠷ ᠲᠦᠪᠰᠢᠨ ᠂ ᠤᠯᠤᠰ ᠤᠨ ᠨᠤᠲᠤᠭ ᠳᠡᠪᠢᠰᠬᠡᠷ ᠤᠨ ᠠᠮᠤᠷ ᠲᠦᠪᠰᠢᠨ ᠂ ᠠᠵᠤ ᠠᠬᠤᠢ ᠶᠢᠨ ᠠᠮᠤᠷ ᠲᠦᠪᠰᠢᠨ ᠂ ᠰᠣᠶᠣᠯ ᠤᠨ ᠠᠮᠤᠷ ᠲᠦᠪᠰᠢᠨ ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ ᠂ ᠰᠦᠯᠵᠢᠶᠡᠨ ᠤ ᠠᠮᠤᠷ ᠲᠦᠪᠰᠢᠨ ᠵᠡᠷᠭᠡ ᠤᠯᠠᠨ ᠬᠦᠷᠢᠶᠡᠨ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠪᠠ ᠥᠷᠢᠰᠦᠯᠳᠦᠭᠡᠨ ᠢ ᠵᠠᠳᠠᠯᠤᠨ ᠂ ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠨᠢ ᠬᠥᠮᠥᠨ ᠪᠦᠬᠦᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠂ ᠬᠥᠮᠥᠨ  ᠪᠦᠬᠦᠨ ᠤᠯᠤᠰ ᠤᠨ ᠠᠮᠤᠷ ᠲᠦᠪᠰᠢᠨ ᠤ ᠰᠠᠬᠢᠨ ᠬᠠᠮᠠᠭᠠᠯᠠᠭᠴᠢ ᠮᠥᠨ ᠭᠡᠳᠡᠭ ᠢ ᠭᠦᠨᠵᠡᠭᠡᠢ ᠲᠠᠨᠢᠭᠤᠯᠵᠠᠢ ᠃
     拉布大林2.jpg
     ᠲᠣᠰ ᠤᠳᠠᠭᠠᠨ ᠤ ᠤᠬᠠᠭᠤᠯᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠨ ᠂ ︽ᠤᠯᠤᠰ ᠤᠨ ᠠᠮᠤᠷ ᠲᠦᠪᠰᠢᠨ᠂ ᠬᠥᠮᠥᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠠᠢ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ