ᠡᠪᠦᠯ ᠤᠨ ᠤᠯᠠᠷᠢᠯ ᠳᠤ ᠦᠷᠭᠦᠯᠵᠢᠯᠡᠭᠰᠡᠨ ᠬᠠᠬᠢᠷ ᠬᠦᠢᠲᠡᠨ ᠴᠠᠭ ᠠᠭᠤᠷ ᠪᠠ ᠴᠠᠰᠤ ᠮᠥᠰᠥᠨ ᠤ ᠨᠥᠯᠥᠭᠡ ᠠᠴᠠ ᠪᠣᠯᠵᠤ᠂ ᠤᠷᠤᠭᠰᠢᠯᠠᠯᠲᠠ ᠲᠣᠰᠬᠤᠨ ᠤ | ᠭᠤᠣᠯ ᠤᠨ ᠵᠠᠮ ᠤᠨ ᠮᠥᠰᠥᠨ ᠳᠠᠪᠬᠤᠷᠭ᠎ᠠ ᠵᠤᠵᠠᠭᠠᠷᠠᠨ᠂ ᠬᠥᠭᠦᠷᠭᠡᠨ ᠤ ᠬᠤᠩᠭᠢᠯ ᠢ ᠪᠦᠷᠢᠮᠦᠰᠦᠨ ᠪᠥᠭᠯᠡᠵᠦ᠂ ᠤᠰᠤ ᠵᠠᠯᠠᠬᠤ ᠳᠤ ᠰᠠᠭᠠᠳ ᠪᠤᠯᠵᠤ᠂ ᠬᠠᠪᠤᠷ ᠤᠨ | ᠲᠠᠷᠢᠶᠠᠯᠠᠭ᠎ᠠ ᠳᠤ ᠠᠶᠤᠯ ᠲᠦᠭᠰᠢᠭᠦᠷᠢ ᠠᠪᠴᠢᠷᠠᠪᠠ᠃ ᠲᠠᠷᠢᠶᠠᠯᠠᠩ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠪᠠ ᠲᠣᠰᠬᠤᠨ ᠤ ᠠᠷᠠᠳ ᠤᠨ ᠶᠠᠪᠤᠵᠤ | ᠰᠠᠭᠤᠬᠤ ᠶᠢ ᠪᠠᠲᠤᠯᠠᠬᠤ ᠶᠢᠨ ᠲᠦᠯᠦᠭᠡ᠂ ᠣᠶᠢᠷ᠎ᠠ ᠶᠢᠨ ᠡᠳᠦᠷ ᠲᠤ ᠂ ᠤᠷᠤᠭᠰᠢᠯᠠᠯᠲᠠ ᠲᠣᠰᠬᠤᠨ ᠺᠠᠳ᠋ᠷ ᠠᠵᠢᠯᠲᠠᠳ ᠢ ᠵᠤᠬᠢᠶᠠᠨ ᠪᠠᠶᠢᠭᠤᠯᠵᠤ᠂ ᠭᠤᠤᠯ ᠤᠨ ᠵᠠᠮ ᠢ | ᠰᠠᠶᠢᠲᠤᠷ ᠪᠠᠶᠢᠴᠠᠭᠠᠨ᠂ ᠭᠤᠣᠯ ᠤᠨ ᠵᠠᠮ ᠢ ᠨᠡᠪᠲᠡᠷᠡᠭᠦᠯᠪᠡ᠃ | | | | ᠲᠤᠬᠠᠢ ᠶᠢᠨ ᠲᠠᠯᠠᠪᠤᠷ ᠲᠤ᠂ ᠲᠣᠰᠬᠤᠨ ᠤ ᠬᠤᠶᠠᠷ ᠵᠥᠪᠯᠡᠯ ᠤᠨ ᠪᠦᠷᠢᠯᠳᠦᠭᠦᠨ ᠠᠵᠢᠯᠲᠠᠳ ᠢᠶᠠᠨ ᠳᠠᠭᠠᠭᠤᠯᠵᠤ ᠂ ︽ ᠮᠠᠰᠢᠨ ᠢᠶᠠᠷ ᠮᠥᠰᠥ ᠬᠠᠭᠠᠯᠬᠤ + | ᠬᠥᠮᠥᠨ ᠤ ᠬᠦᠴᠦ ᠪᠠᠷ ᠤᠷᠤᠰᠬᠠᠬᠤ ︾ ᠠᠷᠭ᠎ᠠ ᠶᠢ ᠠᠪᠤᠪᠠ᠃ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠮᠥᠰᠥᠨ ᠤ ᠭᠠᠳᠠᠷᠭᠤ ᠶᠢᠨ | ᠬᠦᠴᠢᠷ ᠠᠰᠠᠭᠤᠳᠠᠯ ᠢ ᠰᠢᠢᠳᠪᠦᠷᠢᠯᠡᠪᠡ᠃ ᠬᠤᠶᠠᠷ ᠡᠳᠦᠷ ᠤᠨ ᠴᠠᠭ ᠢ ᠬᠡᠷᠡᠭᠯᠡᠵᠦ ᠂ ᠮᠥᠰᠥᠲᠦᠵᠦ ᠪᠠᠶᠢᠭᠰᠠᠨ ᠭᠤᠣᠯ ᠤᠨ ᠵᠠᠮ ᠢ ᠠᠮᠵᠢᠯᠲᠠ ᠲᠠᠢ ᠨᠡᠪᠲᠡᠷᠡᠭᠦᠯᠪᠡ ᠃ | ᠡᠭᠦᠨ ᠤ ᠬᠠᠮᠲᠤ ᠂ ᠭᠠᠴᠠᠭᠠᠨ ᠤ ᠬᠤᠶᠠᠷ ᠵᠥᠪᠯᠡᠯ ᠪᠠᠰᠠ ᠲᠠᠷᠢᠶᠠᠨ ᠭᠠᠵᠠᠷ ᠤᠨ ᠨᠢᠭᠤᠭᠳᠠᠮᠠᠯ ᠠᠮᠤᠷ ᠲᠦᠪᠰᠢᠨ ᠤ ᠠᠰᠠᠭᠤᠳᠠᠯ ᠤᠨ ᠲᠤᠬᠠᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠷᠢᠯᠴᠠᠵᠤ᠂ ᠴᠠᠭ ᠲᠤᠬᠠᠢ ᠳᠤ ᠨᠢ ᠰᠢᠢᠳᠪᠦᠷᠢᠯᠡᠭᠰᠡᠨ ᠪᠠᠶᠢᠨ᠎ᠠ ᠃ | | | | ᠲᠣᠰ ᠤᠳᠠᠭᠠᠨ ᠤ ᠠᠵᠢᠯ ᠨᠢ ᠳᠠᠯᠳᠠ ᠬᠡᠮ ᠰᠣᠭᠤᠭ ᠢ ᠠᠷᠢᠯᠭᠠᠵᠤ᠂ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ ᠳᠤ ᠪᠦᠲᠦᠮᠵᠢᠲᠡᠶ | ᠪᠠᠲᠤᠯᠠᠭ᠎ᠠ ᠬᠠᠩᠭᠠᠨ᠂ ᠲᠣᠰᠬᠤᠨ ᠤ ᠠᠷᠠᠳ ᠤᠨ ᠠᠰᠠᠭᠤᠳᠠᠯ ᠢ ᠰᠢᠢᠳᠪᠦᠷᠢᠯᠡᠨ ᠦᠭᠴᠦ ᠂ ᠲᠡᠳᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | | | |