ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠪᠣᠯᠤᠨ ᠤᠯᠠᠮᠵᠢᠯᠠᠯᠲᠤ ᠰᠠᠶᠢᠬᠠᠨ ᠰᠤᠷᠲᠠᠯ ᠢ | ᠵᠠᠯᠭᠠᠮᠵᠢᠯᠠᠨ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ | ᠵᠠᠯᠭᠠᠮᠵᠢᠯᠠᠨ ᠪᠠᠳᠠᠷᠠᠭᠤᠯᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠡᠷᠭᠦᠨ᠎ᠡ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ | ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠡᠷᠭᠦᠨ᠎ᠡ ᠶᠢᠨ ᠬᠢᠯᠢ ᠶᠢᠨ ᠪᠠᠶᠢᠴᠠᠭᠠᠬᠤ ᠦᠷᠳᠡᠭᠡ᠂ ᠶᠡᠷᠦᠩᠬᠡᠢ ᠠᠵᠢᠯᠴᠢᠨ ᠤ ᠡᠪᠯᠡᠯ᠂ | ᠯᠠᠪᠳᠠᠯᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ 12 ᠪᠠᠶᠢᠭᠤᠯᠭ᠎ᠠ ᠨᠢᠭᠡᠴᠡ ︽ᠬᠠᠩᠰᠢ ᠶᠢᠨ ᠡᠳᠦᠷ ᠬᠦᠰᠡᠯ ᠮᠥᠷᠥᠭᠡᠳᠦᠯ ᠢᠶᠠᠨ ᠲᠠᠯᠪᠢᠵᠤ | ᠪᠣᠯᠪᠠᠰᠤᠨ ᠢ ᠬᠠᠮᠲᠤᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ᠃ | | | | ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠲᠥᠪ ᠬᠢᠴᠢᠶᠡᠩᠭᠦᠶ ᠵᠤᠭᠰᠤᠵᠤ᠂ ᠪᠦᠬᠦ ᠺᠠᠳ᠋ᠷ ᠠᠵᠢᠯᠳᠠᠨ ᠠᠵᠢᠯᠴᠢᠨ ᠲᠡᠷᠢ ᠲᠡᠭᠰᠢ | ᠮᠥᠷᠯᠡᠨ᠂ ᠨᠠᠮᠠᠨᠴᠢᠯᠠᠨ ᠭᠠᠰᠢᠭᠤᠳᠠᠬᠤ ᠶᠣᠰᠣᠯᠠᠯ ᠶᠠᠪᠤᠭᠤᠯᠪᠠ᠃ ᠳᠠᠷᠠᠭ᠎ᠠ ᠳᠤ ᠨᠢ ᠂ ᠺᠠᠳ᠋ᠷ ᠠᠵᠢᠯᠳᠠᠨ ᠳᠡᠰ ᠳᠠᠷᠠᠭ᠎ᠠ ᠲᠠᠢ ᠪᠠᠷ ᠳᠤᠷᠠᠰᠬᠠᠯ ᠤᠨ ᠬᠥᠰᠢᠶ᠎ᠡ ᠶᠢᠨ | ᠳᠣᠣᠷ᠎ᠠ ᠬᠦᠷᠴᠦ᠂ ᠭᠠᠷ ᠲᠠᠬᠢ ᠴᠡᠴᠡᠭ ᠢᠶᠠᠨ ᠡᠷᠭᠦᠵᠦ᠂ ᠦᠷᠡᠭᠳᠡᠭᠰᠡᠨ ᠪᠠᠭᠠᠲᠤᠷᠴᠤᠳ ᠢᠶᠠᠨ ᠬᠢᠵᠠᠭᠠᠯᠠᠰᠢ ᠦᠭᠡᠢ ᠳᠤᠷᠠᠰᠤᠨ ᠰᠠᠨᠠᠭᠠᠯᠵᠠᠵᠤ ᠪᠠᠶᠢᠬᠤ ᠪᠠᠨ | ᠢᠯᠡᠳᠬᠡᠵᠡᠢ᠃ ᠤᠯᠠᠨ ᠢᠶᠠᠷ ᠢᠶᠠᠨ ᠲᠠᠶᠢᠯᠤᠮᠵᠢ ᠶᠢ ᠰᠣᠨᠣᠰᠬᠤ ᠶᠢᠨ ᠳᠠᠭᠠᠤ ᠪᠠᠭᠠᠲᠤᠷᠯᠢᠭ ᠦᠯᠢᠭᠡᠷ ᠢ ᠡᠷᠭᠢᠴᠡᠭᠦᠯᠵᠦ᠂ ᠲᠡᠦᠬᠡ ᠶᠢ ᠪᠠᠲᠤ ᠴᠡᠭᠡᠵᠢᠯᠡᠨ᠂ | ᠥᠨᠥᠳᠦᠷ ᠤᠨ ᠶᠠᠪᠤᠳᠠᠯ ᠠᠴᠠ ᠥᠩᠭᠡᠷᠡᠭᠰᠡᠨ ᠢᠶᠠᠨ ᠡᠷᠭᠢᠴᠡᠭᠦᠯᠵᠦ᠂ ᠤᠷᠤᠭᠰᠢᠯᠠᠯᠲᠠ ᠶᠢᠨ ᠵᠣᠷᠢᠭ ᠰᠠᠨᠠᠭ᠎ᠠ ᠶᠢ ᠪᠠᠲᠤᠳᠬᠠᠨ᠂ ᠬᠤᠪᠢᠰᠬᠠᠯ ᠤᠨ ᠦᠷᠡᠭᠳᠡᠭᠰᠡᠨ | ᠪᠠᠭᠠᠲᠤᠷᠴᠤᠳ ᠤᠨ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠡᠬᠡ ᠤᠯᠤᠰ ᠤᠨ ᠪᠦᠳᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | | | | | | | |