︽ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠦᠢᠯᠡᠰ ᠤᠨ ᠠᠵᠢᠯᠴᠢᠨ ᠤ ᠡᠩᠨᠡᠭᠡᠨ ᠤ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ ︾ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ | ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂ 3 ᠰᠠᠷ᠎ᠠ ᠶᠢᠨ 31 ᠤ | ᠡᠳᠦᠷ ᠤᠨ ᠦᠳᠡ ᠶᠢᠨ ᠡᠮᠦᠨ᠎ᠡ᠂ ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ᠂ ᠬᠤᠲᠠ ᠶᠢᠨ ᠶᠡᠷᠦᠩᠬᠡᠶ ᠠᠵᠢᠯᠴᠢᠨ ᠤ ᠡᠪᠯᠡᠯ ᠬᠠᠮᠲᠤᠷᠠᠨ ᠂ ︽ᠺᠠᠳ᠋ᠷ ᠤᠨ ᠬᠥᠮᠦᠵᠢᠯ ᠤᠨ ᠶᠠᠷᠢᠶᠠᠨ ᠤ ᠲᠠᠪᠴᠠᠩ — ᠠᠵᠤ ᠦᠢᠯᠡᠰ ᠤᠨ | ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠠᠵᠢᠯ︾ ᠭᠡᠬᠦ ᠲᠤᠰᠬᠠᠶ ᠰᠡᠳᠦᠪᠲᠦ ᠪᠤᠯᠪᠠᠰᠤᠷᠠᠯ ᠢ ᠡᠷᠭᠢᠯᠡᠪᠡ᠃ ᠡᠯ᠎ᠡ | ᠠᠵᠤ ᠦᠢᠯᠡᠰ ᠤᠨ ᠥᠭᠡᠷᠡᠴᠢᠯᠡᠯᠲᠡ ᠶᠢᠨ ᠡᠭᠦᠷᠭᠡ ᠲᠠᠢ ᠬᠤᠯᠪᠣᠭᠳᠠᠭᠰᠠᠨ ᠬᠠᠮᠢᠶ᠎ᠠ ᠪᠥᠬᠦᠶ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ | ᠠᠵᠢᠯᠴᠢᠨ ᠤ ᠡᠪᠯᠡᠯ ᠤᠨ ᠺᠠᠳ᠋ᠷ ᠠᠵᠢᠯᠲᠠᠨ ᠨᠡᠶᠢᠲᠡ 76 ᠬᠥᠮᠦᠨ ᠲᠣᠰ ᠤᠳᠠᠭᠠᠨ ᠤ ᠪᠤᠯᠪᠠᠰᠤᠷᠠᠯ ᠳᠤ ᠣᠷᠣᠯᠴᠠᠵᠠᠶ᠃ | | | | ᠲᠣᠰ ᠤᠳᠠᠭᠠᠨ ᠤ ᠪᠤᠯᠪᠠᠰᠤᠷᠠᠯ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠤᠨ ᠠᠵᠢᠯ ᠦᠢᠯᠡᠰ ᠤᠨ | ᠬᠥᠭᠵᠢᠯᠲᠡ ᠶᠢᠨ ᠲᠥᠪ ︵ᠥᠪᠥᠷ ᠮᠣᠩᠭᠤᠯ ᠤᠨ ᠤᠷᠠᠨ ᠳᠠᠷᠬᠠᠨ ᠤ ᠳᠡᠭᠡᠳᠦ ᠰᠤᠷᠭᠠᠭᠤᠯᠢ︶ ᠤᠨ ᠰᠤᠳᠤᠯᠬᠤ ᠲᠠᠰᠤᠭ ᠤᠨ ᠵᠠᠩ ᠰᠢᠶᠠᠩ ᠴᠦᠨ ᠪᠠᠭᠰᠢ ᠶᠢ | ᠣᠨᠴᠠᠭᠠᠶᠢᠯᠠᠨ ᠤᠷᠢᠵᠤ ᠬᠢᠴᠢᠶᠡᠯ ᠣᠷᠣᠭᠤᠯᠪᠠ᠃ ᠵᠠᠩ ᠰᠢᠶᠠᠩ ᠴᠦᠨ ᠪᠠᠭᠰᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶᠠᠨ ᠤ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠤᠨ | ᠲᠣᠭᠤᠷᠢᠨ ᠳᠤ ᠭᠦᠨᠵᠡᠭᠡᠶ ᠲᠠᠶᠢᠯᠪᠤᠷᠢᠯᠠᠯᠲᠠ ᠬᠢᠵᠦ᠂ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠥᠷᠥ ᠶᠢᠨ | ᠪᠣᠳᠣᠯᠭ᠎ᠠ ᠶᠢᠨ ᠠᠬᠤᠶ ᠪᠠᠶᠢᠳᠠᠯ᠂ ᠴᠢᠬᠤᠯᠠ ᠠᠴᠢ ᠬᠤᠯᠪᠣᠭᠳᠠᠯ᠂ ᠶᠠᠭᠤᠨ ᠳᠤ ᠠᠵᠤ ᠦᠢᠯᠡᠰ ᠤᠨ ᠥᠭᠡᠷᠡᠴᠢᠯᠡᠯᠲᠡ ᠶᠢᠨ ᠠᠵᠢᠯ ᠢ ᠬᠢᠬᠦ ᠵᠢᠴᠢ ᠠᠵᠤ | ᠦᠢᠯᠡᠰ ᠤᠨ ᠥᠭᠡᠷᠡᠴᠢᠯᠡᠯᠲᠡ ᠶᠢᠨ ᠠᠵᠢᠯ ᠢ ᠬᠡᠷᠬᠢᠨ ᠠᠬᠢᠭᠤᠯᠬᠤ ᠵᠡᠷᠭᠡ ᠠᠭᠤᠯᠭ᠎ᠠ ᠶᠢ ᠪᠠᠭᠲᠠᠭᠠᠭᠰᠠᠨ ᠪᠥᠭᠡᠳ ᠪᠤᠲᠠᠲᠤ ᠵᠢᠱᠢᠶ᠎ᠡ ᠲᠠᠢ ᠤᠶᠠᠯᠳᠤᠭᠤᠯᠤᠨ᠂ | ᠲᠡᠷᠢᠭᠦᠨ ᠤ ᠲᠤᠷᠰᠢᠯᠭ᠎ᠠ ᠪᠠ ᠠᠷᠭ᠎ᠠ ᠪᠠᠷᠢᠯ ᠢ ᠬᠤᠪᠢᠶᠠᠯᠴᠠᠭᠰᠠᠨ ᠪᠠᠶᠢᠨ᠎ᠠ᠃ | | | | ᠪᠣᠯᠪᠠᠰᠤᠷᠠᠯ ᠲᠡᠭᠦᠰᠦᠭᠰᠡᠨ ᠤ ᠳᠠᠷᠠᠭ᠎ᠠ᠂ ᠰᠤᠷᠤᠭᠴᠢᠳ ᠢᠯᠡᠷᠬᠡᠶᠢᠯᠡᠭᠰᠡᠨ ᠨᠢ ᠲᠣᠰ ᠤᠳᠠᠭᠠᠨ ᠤ ᠪᠤᠯᠪᠠᠰᠤᠷᠠᠯ ᠢᠶᠠᠷ ᠳᠠᠮᠵᠢᠭᠠᠳ ᠶᠡᠭᠡ ᠤᠯᠤᠯᠲᠠ ᠲᠠᠢ ᠂ | ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠲᠤᠬᠠᠶ ᠨᠠᠩ ᠪᠥᠬᠦ ᠲᠠᠯ᠎ᠠ ᠶᠢᠨ᠂ ᠨᠠᠩ ᠭᠦᠨᠵᠡᠭᠡᠶ | ᠲᠠᠨᠢᠯᠲᠠ ᠪᠠ ᠣᠶᠢᠯᠠᠭᠠᠯᠲᠠ ᠲᠠᠢ ᠪᠣᠯᠵᠣ᠂ ᠠᠵᠢᠯ ᠤᠨ ᠴᠢᠭᠯᠡᠯ ᠪᠠ ᠭᠤᠤᠯᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ ᠭᠡᠵᠡᠶ᠃ ᠬᠤᠶᠢᠰᠢᠳᠠ ᠶᠢᠨ | ᠠᠵᠢᠯ ᠤᠨ ᠳᠤᠮᠳᠠ ᠪᠠᠨ ᠰᠣᠷᠣᠭᠰᠠᠨ ᠮᠡᠳᠡᠯᠭᠡ ᠪᠠᠨ ᠪᠤᠲᠠᠲᠤ ᠠᠵᠢᠯ ᠲᠠᠢ ᠪᠠᠨ ᠤᠶᠠᠯᠳᠤᠭᠤᠯᠤᠨ᠂ ᠮᠠᠨ ᠤ ᠬᠤᠲᠠ ᠶᠢᠨ ᠠᠵᠤ ᠦᠢᠯᠡᠰ ᠤᠨ ᠠᠵᠢᠯᠴᠢᠨ ᠤ | ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | | | |