ᠡᠩᠬᠡ ᠶᠢᠨ ᠤᠷᠤᠰ ᠦᠨᠳᠦᠰᠦᠲᠡᠨ ᠤ ᠰᠢᠶᠠᠩ ᠠᠶᠤᠯᠭᠦᠢ ᠦᠢᠯᠡᠳᠪᠦᠷᠢᠯᠡᠯ ᠪᠠ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠢᠴᠢ ᠦᠨᠵᠢᠭᠦᠯᠵᠦ ᠮᠠᠯᠯᠠᠬᠤ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/3
    ᠮᠠᠨ ᠤ ᠰᠢᠶᠠᠩ ᠤᠨ ᠠᠶᠤᠯᠭᠦᠢ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ  ᠢ ᠰᠡᠷᠭᠡᠶᠢᠯᠡᠨ ᠤᠨᠲᠠᠷᠠᠭᠠᠬᠤ᠂ ᠦᠨᠵᠢᠭᠦᠯᠵᠦ ᠮᠠᠯᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ 4 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠡᠩᠬᠡ ᠶᠢᠨ ᠤᠷᠤᠰ ᠦᠨᠳᠦᠰᠦᠲᠡᠨ ᠤ ᠰᠢᠶᠠᠩ 2025 ᠣᠨ ᠤ ᠠᠶᠤᠯᠭᠦᠢ ᠦᠢᠯᠡᠳᠪᠦᠷᠢᠯᠡᠯ ᠪᠠ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠢᠴᠢ ᠦᠨᠵᠢᠭᠦᠯᠵᠦ ᠮᠠᠯᠯᠠᠬᠤ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠬᠤᠷᠠᠯ ᠬᠤᠷᠠᠯᠳᠤᠭᠤᠯᠪᠠ ᠃ ᠡᠩᠬᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠩᠬᠡ ᠶᠢᠨ ᠤᠢ ᠰᠢᠭᠤᠢ ᠶᠢᠨ ᠲᠠᠯᠠᠪᠠᠢ᠂ ᠽᠢ ᠰᠢᠩ ᠤᠢ ᠰᠢᠭᠤᠢ ᠶᠢᠨ ᠲᠠᠯᠠᠪᠠᠢ᠂ ᠳᠤᠯᠤᠳᠤᠭᠠᠷ ᠬᠠᠷᠠᠭᠤᠯ ᠤᠨ ᠤᠢ ᠰᠢᠭᠤᠢ ᠶᠢᠨ ᠲᠠᠯᠠᠪᠠᠢ᠂ ᠡᠩᠬᠡ ᠶᠢᠨ ᠬᠢᠯᠢ ᠶᠢᠨ ᠲᠣᠮᠢᠯᠠᠭᠰᠠᠨ ᠰᠠᠯᠪᠤᠷᠢ᠂ ᠴᠠᠬᠢᠯᠭᠠᠨ ᠬᠠᠩᠭᠠᠬᠤ ᠭᠠᠵᠠᠷ᠂ ᠡᠯ᠎ᠡ ᠦᠢᠯᠡᠳᠪᠦᠷᠢᠯᠡᠯ ᠤᠨ ᠪᠠᠷᠢᠭᠠᠳᠠ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
         恩和1.jpg
    ᠬᠤᠷᠠᠯ ᠳᠡᠭᠡᠷ᠎ᠡ ᠤᠷᠢᠳ ᠬᠤᠵᠢᠳ ᠪᠦᠬᠦ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠦᠨᠵᠢᠭᠦᠯᠵᠦ ᠮᠠᠯᠯᠠᠬᠤ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ 2024 ᠣᠨ ᠤ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠵᠢᠴᠢ 2025 ᠣᠨ ᠤ ᠠᠵᠢᠯ ᠤᠨ ᠪᠠᠶᠢᠷᠢᠯᠠᠭᠤᠯᠤᠯᠲᠠ ᠶᠢᠨ ᠰᠠᠨᠠᠭᠤᠯᠭ᠎ᠠ ᠶᠢ ᠳᠠᠮᠵᠢᠭᠤᠯᠤᠨ ᠰᠤᠷᠤᠯᠴᠠᠪᠠ᠃    ᠳᠠᠷᠠᠭ᠎ᠠ ᠳᠤ  ᠨᠢ᠂ ᠡᠩᠬᠡ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠯᠢ ᠫᠧᠩ 2025 ᠣᠨ ᠤ ᠠᠶᠤᠯᠭᠦᠢ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠦᠨᠵᠢᠭᠦᠯᠵᠦ ᠮᠠᠯᠯᠠᠬᠤ ᠪᠡᠯᠴᠢᠭᠡᠷᠯᠡᠭᠦᠯᠬᠦ ᠶᠢ ᠵᠣᠭᠰᠣᠭᠠᠬᠤ᠂ ᠮᠠᠯ ᠤᠨᠤᠭ᠎ᠠ ᠪᠠ ᠨᠤᠲᠤᠭ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠡᠷᠭᠡ ᠠᠵᠢᠯ ᠢ ᠪᠠᠶᠢᠷᠢᠯᠠᠭᠤᠯᠪᠠ ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠡᠷᠬᠡᠪᠰᠢ ᠲᠤᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ︾ ᠶᠢ ᠪᠠᠲᠤ ᠪᠠᠬᠢ ᠪᠣᠶ ᠪᠣᠯᠭᠠᠵᠤ᠂ ᠠᠶᠤᠯᠭᠦᠢ ᠦᠢᠯᠡᠳᠪᠦᠷᠢᠯᠡᠯ ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠢᠴᠢ ᠦᠨᠵᠢᠭᠦᠯᠵᠦ ᠮᠠᠯᠯᠠᠬᠤ ᠪᠡᠯᠴᠢᠭᠡᠷᠯᠡᠭᠦᠯᠬᠦ ᠶᠢ ᠵᠣᠭᠰᠣᠭᠠᠬᠤ᠂ ᠮᠠᠯ ᠤᠨᠤᠭ᠎ᠠ ᠪᠠ ᠨᠤᠲᠤᠭ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯ ᠢ ᠯᠠᠪᠳᠠᠭᠤᠨ ᠠᠬᠢᠭᠤᠯᠬᠤ ᠬᠡᠷᠡᠭᠲᠡᠶ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ