ᠡᠩᠬᠡ ᠶᠢᠨ ᠣᠷᠣᠰ ᠦᠨᠳᠦᠰᠦᠲᠡᠨ ᠤ ᠰᠢᠶᠠᠩ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠣᠨᠣᠯ ᠤᠨ ᠮᠡᠳᠡᠯᠭᠡ ᠪᠠ ᠲᠤᠰᠬᠠᠶ ᠮᠡᠷᠭᠡᠵᠢᠯ ᠤᠨ ᠪᠤᠯᠪᠠᠰᠤᠷᠠᠯ ᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2025/4/3
     ᠡᠩᠬᠡ ᠶᠢᠨ ᠣᠷᠣᠰ ᠦᠨᠳᠦᠰᠦᠲᠡᠨ ᠤ ᠰᠢᠶᠠᠩ ᠤᠨ ᠭᠠᠯ ᠤᠨᠲᠠᠷᠠᠭᠠᠬᠤ ᠡᠩᠨᠡᠭᠡᠨ ᠤ ᠶᠡᠷᠦᠩᠬᠡᠶ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ 2025 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨᠬᠦ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠢᠨᠵᠢᠯᠡᠬᠦ ᠤᠬᠠᠭᠠᠨᠴᠢ ᠂ ᠠᠮᠤᠷ ᠲᠦᠪᠰᠢᠨ ᠤᠨᠲᠠᠷᠠᠭᠠᠨ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ  ᠴᠢᠩᠭᠠᠳᠬᠠᠬᠤ ᠶᠢᠨ ᠲᠦᠯᠦᠭᠡ ᠂ 4 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠡᠩᠬᠡ ᠶᠢᠨ ᠣᠷᠣᠰ ᠦᠨᠳᠦᠰᠦᠲᠡᠨ ᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠣᠨᠣᠯ ᠤᠨ ᠮᠡᠳᠡᠯᠭᠡ ᠪᠠ ᠲᠤᠰᠬᠠᠶ ᠮᠡᠷᠭᠡᠵᠢᠯ ᠤᠨ ᠪᠤᠯᠪᠠᠰᠤᠷᠠᠯ ᠢ ᠵᠣᠬᠢᠶᠠᠨ ᠪᠠᠶᠢᠭᠤᠯᠪᠠ᠃ ᠲᠤᠰ ᠤᠳᠠᠭᠠᠨ ᠤ ᠪᠤᠯᠪᠠᠰᠤᠷᠠᠯ ᠳᠤ ᠮᠠᠨ ᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠦᠢᠯᠡᠳᠪᠦᠷᠢᠯᠡᠯ ᠤᠨ ᠪᠠᠷᠢᠭᠠᠳᠠ ᠶᠢᠨ ᠭᠠᠯ ᠤᠨᠲᠠᠷᠠᠭᠠᠬᠤ ᠠᠩᠭᠢ ᠶᠢᠨ ᠨᠡᠶᠢᠲᠡ 40 ᠬᠥᠮᠦᠨ ᠣᠷᠣᠯᠴᠠᠵᠠᠶ᠃
        恩和2.jpg
     ᠡᠨᠡ ᠤᠳᠠᠭᠠᠨ ᠤ ᠪᠤᠯᠪᠠᠰᠤᠷᠠᠯ ᠳᠤ ᠂ ᠡᠷᠭᠦᠨ᠎ᠡ ᠬᠤᠲᠠ ᠶᠢᠨ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ ᠶᠢᠨ ᠰᠠᠯᠪᠤᠷᠢ ᠠᠩᠭᠢ ᠶᠢᠨ ᠳᠠᠷᠤᠭ᠎ᠠ ᠵᠠᠩ ᠮᠢᠩ ᠮᠢᠩ ᠢ ᠲᠤᠰᠬᠠᠶᠢᠯᠠᠨ ᠤᠷᠢᠵᠤ᠂ ᠬᠢᠴᠢᠶᠡᠯ ᠤᠷᠤᠭᠤᠯᠪᠠ᠃ ᠵᠠᠩ ᠪᠠᠭᠰᠢ ᠨᠡᠶᠢᠲᠡᠯᠢᠭ ᠭᠠᠯ ᠤᠨ ᠠᠶᠤᠯ ᠲᠠᠢ ᠤᠶᠠᠯᠳᠤᠭᠤᠯᠤᠨ᠂ ᠭᠠᠯ ᠤᠨᠲᠠᠷᠠᠭᠠᠬᠤ ᠠᠷᠭ᠎ᠠ᠂ ᠭᠠᠯ ᠭᠠᠷᠤᠭᠰᠠᠨ ᠭᠠᠵᠠᠷ ᠢ ᠴᠡᠪᠡᠷᠯᠡᠬᠦ ᠵᠡᠷᠭᠡ ᠠᠭᠤᠯᠭ᠎ᠠ ᠶᠢ ᠬᠤᠷᠢᠶᠠᠩᠭᠤᠶᠢᠯᠠᠨ᠂ ᠣᠨᠣᠯ ᠤᠨ ᠮᠡᠳᠡᠯᠭᠡ ᠪᠠ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠲᠠᠶᠢᠯᠪᠤᠷᠢᠯᠠᠪᠠ ᠃    ᠲᠣᠰ ᠤᠳᠠᠭᠠᠨ ᠤ ᠪᠥᠬᠦ ᠲᠠᠯ᠎ᠠ ᠶᠢᠨ ᠰᠢᠰᠲ᠋ᠧᠮ ᠲᠠᠢ ᠪᠤᠯᠪᠠᠰᠤᠷᠠᠯ ᠢᠶᠠᠷ ᠳᠡᠮᠵᠢᠨ᠂ ᠪᠥᠬᠦ ᠰᠢᠶᠠᠩ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ