| | | ᠦᠨᠵᠢᠭᠦᠯᠵᠦ ᠮᠠᠯᠯᠠᠬᠤ ᠪᠡᠯᠴᠢᠭᠡᠷᠯᠡᠭᠦᠯᠬᠦ ᠶᠢ ᠵᠤᠭᠰᠤᠭᠠᠬᠤ ᠬᠤᠭᠤᠴᠠᠭ᠎ᠠ ᠣᠶᠢᠷᠠᠳᠴᠤ᠂ ᠲᠥᠪ ᠤᠨ ᠨᠢᠭᠡᠳᠦᠭᠡᠷ ᠨᠤᠮᠧᠷᠲᠤ ᠪᠢᠴᠢᠭ ᠮᠠᠲ᠋ᠧᠷᠢᠶᠠᠯ ᠪᠣᠯᠤᠨ | ᠪᠦᠬᠦ ᠬᠤᠲᠠ ᠶᠢᠨ ᠦᠨᠵᠢᠭᠦᠯᠵᠦ ᠮᠠᠯᠯᠠᠬᠤ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 2 ᠤᠨ ᠡᠳᠦᠷ᠂ ᠡᠩᠬᠡ ᠶᠢᠨ ᠤᠷᠤᠰ ᠦᠨᠳᠦᠰᠦᠲᠡᠨ ᠤ ᠰᠢᠶᠠᠩ ᠤᠨ ᠠᠷᠠᠳ ᠤᠨ ᠵᠠᠰᠠᠭ ᠤᠨ ᠣᠷᠳᠣᠨ | ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠬᠢ᠂ ᠡᠩᠬᠡ ᠶᠢᠨ ᠤᠢ ᠰᠢᠭᠤᠢ ᠶᠢᠨ ᠲᠠᠯᠠᠪᠠᠢ᠂ ᠬᠢᠯᠢ ᠶᠢᠨ ᠲᠣᠮᠢᠯᠠᠭᠰᠠᠨ ᠰᠠᠯᠪᠤᠷᠢ᠂ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠵᠡᠷᠭᠡ ᠪᠠᠶᠢᠭᠤᠯᠭ᠎ᠠ ᠨᠢᠭᠡᠴᠡ ᠶᠢ ᠵᠣᠬᠢᠶᠠᠨ ᠪᠠᠶᠢᠭᠤᠯᠵᠤ᠂ ᠦᠨᠵᠢᠭᠦᠯᠵᠦ ᠮᠠᠯᠯᠠᠬᠤ ᠪᠡᠯᠴᠢᠭᠡᠷᠯᠡᠭᠦᠯᠬᠦ ᠶᠢ | ᠵᠣᠭᠰᠣᠭᠠᠬᠤ᠂ ᠮᠠᠯ ᠤᠨᠤᠭ᠎ᠠ ᠪᠠ ᠨᠤᠲᠤᠭ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠤᠬᠠᠢ ᠲᠦᠷᠦ ᠶᠢᠨ ᠪᠤᠳᠤᠯᠭ᠎ᠠ ᠶᠢ ᠤᠬᠠᠭᠤᠯᠬᠤ ᠠᠵᠢᠯᠯᠠᠭ᠎ᠠ ᠶᠢ | ᠥᠷᠨᠢᠭᠦᠯᠵᠡᠢ᠃ | | | | ᠪᠦᠷᠢᠳᠬᠡᠯ ᠢ ᠦᠨᠳᠦᠰᠦᠯᠡᠪᠡᠯ᠂ ᠡᠩᠬᠡ ᠶᠢᠨ ᠤᠷᠤᠰ ᠦᠨᠳᠦᠰᠦᠲᠡᠨ ᠤ ᠰᠢᠶᠠᠩ ᠳᠤ 50 ᠮᠠᠯᠵᠢᠬᠤ ᠡᠷᠦᠬᠡ ᠪᠠᠶᠢᠵᠤ ᠂ ᠦᠬᠡᠷ 615᠂ ᠠᠳᠤᠭᠤ 702᠂ | ᠬᠤᠨᠢ 2532 ᠲᠤᠯᠤᠭᠠᠢ ᠪᠠᠶᠢᠨ᠎ᠠ᠃ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠮᠠᠯᠴᠢᠳ ᠲᠤ ᠤᠶᠢᠯᠠᠭᠠᠭᠤᠯᠬᠤ ᠶᠢᠨ ᠲᠥᠯᠥᠭᠡ᠂ ᠲᠤᠰ ᠤᠳᠠᠭᠠᠨ ᠤ | ᠤᠬᠠᠭᠤᠯᠭ᠎ᠠ ᠨᠢ ᠡᠷᠦᠬᠡ ᠳᠤ ᠬᠦᠷᠴᠦ ᠤᠬᠠᠭᠤᠯᠬᠤ᠂ ᠤᠬᠠᠭᠤᠯᠭ᠎ᠠ ᠶᠢᠨ ᠪᠤᠯᠤᠩ ᠭᠠᠷᠭᠠᠬᠤ᠂ ᠡᠯᠭᠦᠭᠡ ᠪᠢᠴᠢᠭᠡᠰᠦ ᠡᠯᠭᠦᠬᠦ ᠵᠡᠷᠭᠡ ᠬᠡᠯᠪᠡᠷᠢ ᠶᠢ ᠠᠪᠤᠪᠠ᠃ | | | | ᠠᠵᠢᠯᠯᠠᠭᠠᠨ ᠤ ᠳᠤᠮᠳᠠ᠂ ᠤᠳᠤᠷᠢᠳᠬᠤ ᠪᠠᠭ ᠤᠨ ᠪᠦᠷᠢᠯᠳᠦᠬᠦᠨ ᠪᠦᠯᠬᠦᠮ ᠳᠠᠭᠠᠭᠤᠯᠤᠨ ᠂ ᠤᠬᠠᠭᠤᠯᠬᠤ ᠮᠠᠲ᠋ᠧᠷᠢᠶᠠᠯ ᠲᠠᠷᠬᠠᠭᠠᠬᠤ᠂ ᠲᠥᠷᠥ ᠶᠢᠨ | ᠪᠣᠳᠣᠯᠭ᠎ᠠ ᠶᠢᠨ ᠲᠣᠳᠣᠷᠬᠠᠶ ᠺᠠᠷᠲ ᠲᠠᠷᠬᠠᠭᠠᠬᠤ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠤ᠂ ᠲᠤᠬᠠᠶ ᠶᠢᠨ ᠲᠠᠯᠠᠪᠤᠷ ᠲᠤ ᠮᠠᠳᠠᠭ ᠲᠠᠢ | ᠠᠰᠠᠭᠤᠳᠠᠯ ᠢ ᠬᠠᠷᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠯᠴᠢᠳ ᠲᠠᠢ ᠰᠠᠨᠠᠯ ᠢᠶᠠᠨ ᠰᠣᠯᠢᠯᠴᠠᠵᠤ᠂ ᠬᠠᠤᠯᠢ ᠬᠡᠷᠡᠭᠵᠢᠭᠦᠯᠬᠦ ᠠᠩᠭᠢ ᠶᠢᠨ ᠬᠢᠨ | ᠲᠤᠬᠠᠶ ᠶᠢᠨ ᠲᠠᠯᠠᠪᠤᠷ ᠲᠤ ᠮᠠᠯᠴᠢᠳ ᠲᠤ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠨ ᠦᠭᠴᠦ᠂ | ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠤ ᠡᠬᠢᠯᠡᠵᠦ ᠳᠠᠭᠤᠰᠬᠤ ᠴᠠᠭ᠂ ᠬᠡᠷᠡᠭᠵᠢᠭᠦᠯᠬᠦ ᠬᠡᠪᠴᠢᠶ᠎ᠡ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠪᠠᠷᠢᠮᠵᠢᠶ᠎ᠠ ᠵᠢᠴᠢ ᠲᠣᠭᠲᠠᠭᠠᠯ ᠠᠴᠠ ᠵᠥᠷᠢᠴᠡᠭᠰᠡᠨ ᠢ ᠰᠢᠳᠬᠡᠬᠦ ᠲᠣᠭᠲᠠᠭᠠᠯ ᠢ ᠲᠣᠳᠣᠷᠬᠠᠶ ᠲᠣᠭᠲᠠᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠦᠷᠢᠮ ᠤᠨ ᠭᠤᠤᠯᠳᠠᠯᠭ᠎ᠠ ᠶᠢ ᠦᠨᠡᠨ ᠬᠦ ᠤᠶᠢᠯᠠᠭᠠᠭᠤᠯᠪᠠ ᠃ ᠦᠨᠵᠢᠭᠦᠯᠵᠦ ᠮᠠᠯᠯᠠᠬᠤ ᠪᠡᠯᠴᠢᠭᠡᠷᠯᠡᠭᠦᠯᠬᠦ ᠶᠢ | ᠵᠣᠭᠰᠣᠭᠠᠬᠤ᠂ ᠮᠠᠯ ᠤᠨᠤᠭ᠎ᠠ ᠪᠠ ᠨᠤᠲᠤᠭ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠥᠷᠭᠡᠨ ᠣᠯᠠᠨ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠨ | ᠬᠤᠪᠢᠷᠠᠭᠤᠯᠤᠭᠰᠠᠨ ᠪᠠᠶᠢᠨ᠎ᠠ᠃ | | | | ᠲᠣᠰ ᠤᠳᠠᠭᠠᠨ ᠤ ᠤᠬᠠᠭᠤᠯᠭ᠎ᠠ ᠪᠠᠷ ᠳᠠᠮᠵᠢᠭᠠᠳ ᠂ ᠤᠬᠠᠭᠤᠯᠬᠤ ᠮᠠᠲ᠋ᠧᠷᠢᠶᠠᠯ ᠢ ᠨᠡᠶᠢᠲᠡ 300 ᠬᠤᠪᠢ ᠲᠠᠷᠬᠠᠭᠠᠨ᠂ ᠣᠯᠠᠨ ᠲᠦᠮᠡᠨ ᠤ ᠰᠠᠨᠠᠯ | ᠰᠠᠨᠠᠭᠤᠯᠭ᠎ᠠ ᠶᠢ 2 ᠵᠤᠷᠪᠤᠰ ᠲᠡᠮᠳᠡᠭᠯᠡᠵᠦ᠂ ᠮᠠᠯᠴᠢᠳ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠤᠬᠠᠶ ᠲᠠᠨᠢᠯᠲᠠ ᠢᠯᠡᠳᠲᠡ ᠳᠡᠭᠡᠭᠰᠢᠯᠡᠵᠦ᠂ ᠤᠬᠠᠮᠰᠠᠷᠲᠤ ᠴᠢᠨᠠᠷ | ᠪᠠ ᠬᠠᠮᠵᠢᠯᠴᠠᠬᠤ ᠬᠡᠮᠵᠢᠶ᠎ᠡ ᠢᠯᠡᠳᠲᠡ ᠰᠠᠶᠢᠵᠢᠷᠠᠪᠠ᠃ | | | | |