︽ ᠮᠤᠷᠳᠠᠭ᠎ᠠ ᠪᠠᠯᠭᠠᠰᠤᠨ ᠤ ᠠᠶᠤᠯᠭᠦᠶ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ | ᠲᠦᠰᠦᠪ︾ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠦᠯᠦᠭᠡ ᠂ 6 | ᠰᠠᠷ᠎ᠠ ᠶᠢᠨ 11 ᠤ ᠡᠳᠦᠷ᠂ ᠮᠤᠷᠳᠠᠭ᠎ᠠ ᠪᠠᠯᠭᠠᠰᠤ 2025 ᠣᠨ ᠤ ᠬᠤᠶᠠᠳᠤᠭᠠᠷ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠬᠤᠷᠠᠯ ᠬᠤᠷᠠᠯᠳᠤᠭᠤᠯᠪᠠ ᠃ | ᠲᠤᠰ ᠤᠳᠠᠭᠠᠨ ᠤ ᠬᠤᠷᠠᠯ ᠨᠢ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠭᠦᠨᠵᠡᠭᠡᠢ ᠵᠠᠳᠠᠯᠤᠭᠰᠠᠨ ᠢᠶᠠᠷ ᠪᠠᠷᠠᠬᠤ ᠦᠭᠡᠢ᠂ ᠳᠠᠷᠠᠭᠠᠴᠢ ᠶᠢᠨ | ᠠᠯᠬᠤᠮ ᠤᠨ ᠠᠵᠢᠯ ᠤᠨ ᠴᠢᠭᠯᠡᠯ ᠢ ᠲᠣᠳᠣᠷᠬᠠᠢ ᠵᠢᠭᠠᠵᠤ ᠭᠠᠷᠭᠠᠭᠰᠠᠨ ᠶᠤᠮ᠃ ᠪᠠᠰᠠ ᠠᠵᠢᠯ ᠤᠨ ᠡᠭᠦᠷᠭᠡ ᠶᠢ ᠲᠣᠳᠣᠷᠬᠠᠶᠢᠯᠠᠭᠰᠠᠨ ᠪᠠᠶᠢᠨ᠎ᠠ᠃ | | | | ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠨ᠎ᠠ ᠃ | ᠬᠠᠮᠲᠤᠷᠠᠭᠰᠠᠨ ᠪᠠᠶᠢᠴᠠᠭᠠᠯᠲᠠ ᠶᠢ ᠥᠷᠨᠢᠭᠦᠯᠵᠦ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠎ᠠ᠃ | ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠤᠨ ᠤ ᠠᠮᠠᠷᠠᠯᠲᠠ ᠶᠢᠨ ᠠᠮᠤᠷ ᠲᠦᠪᠰᠢᠨ ᠢ ᠪᠠᠲᠤᠯᠠᠨ᠎ᠠ᠃ | ᠤᠬᠠᠭᠤᠯᠭ᠎ᠠ ᠬᠢᠬᠦ ᠪᠠ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ | ᠠᠶᠤᠯᠭᠦᠢ ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ ᠶᠢ ᠰᠠᠶᠢᠲᠤᠷ ᠬᠠᠮᠢᠶᠠᠷᠴᠤ᠂ ᠠᠶᠤᠯᠭᠦᠢ ᠦᠢᠯᠡᠳᠪᠦᠷᠢᠯᠡᠯ ᠤᠨ ᠲᠦᠷᠢᠮ ᠢ ᠲᠡᠭᠦᠯᠳᠡᠷᠵᠢᠭᠦᠯᠦᠨ᠎ᠡ᠃ | ᠠᠶᠤᠯᠭᠦᠶ ᠦᠢᠯᠡᠳᠪᠦᠷᠢᠯᠡᠯ ᠤᠨ ᠠᠵᠢᠯ ᠪᠣᠯ ᠨᠢᠭᠡᠨ ᠤᠷᠳᠤ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠶ ᠡᠭᠦᠷᠭᠡ ᠮᠥᠨ ᠃ ᠮᠠᠨ ᠤ ᠪᠠᠯᠭᠠᠰᠤ ᠲᠤᠰ | ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠨᠠᠭᠰᠢᠳᠠ ᠴᠢᠩᠭᠠᠳᠬᠠᠨ᠂ ᠠᠶᠤᠯᠭᠦᠢ | ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠠᠰᠤᠷᠠᠯᠳᠡ ᠦᠭᠡᠢ ᠲᠡᠭᠦᠯᠳᠡᠷᠵᠢᠭᠦᠯᠦᠨ᠎ᠡ ᠃ ᠪᠦᠬᠦ ᠪᠠᠯᠭᠠᠰᠤᠨ ᠤ ᠠᠷᠠᠳ | ᠲᠦᠮᠡᠨ ᠳᠤ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠩᠭᠤᠢ ᠦᠢᠯᠡᠳᠪᠦᠷᠢᠯᠡᠯ ᠠᠮᠢᠳᠤᠷᠠᠯ ᠤᠨ ᠣᠷᠴᠢᠨ ᠢ ᠪᠦᠷᠢᠯᠳᠦᠭᠦᠯᠦᠨ ᠦᠭᠭᠦᠨ᠎ᠡ᠃ ᠢᠩᠭᠢᠭᠡᠳ᠂ | ᠮᠤᠷᠳᠠᠭ᠎ᠠ ᠪᠠᠯᠭᠠᠰᠤᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ ᠭᠡᠵᠡᠢ᠃ |