ᠬᠢᠶᠠᠨ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠤᠬᠠᠭᠤᠯᠤᠨ ᠲᠠᠶᠢᠯᠪᠤᠷᠢᠯᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/6/13
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠶᠢ ᠪᠠᠶᠢᠩᠭᠤᠵᠢᠭᠤᠯᠤᠭᠰᠠᠨ ᠤᠯᠠᠨ ᠲᠦᠮᠡᠨᠴᠢ ᠬᠥᠮᠦᠵᠢᠯ ᠤᠬᠠᠭᠤᠯᠭ᠎ᠠ ᠶᠢᠨ ᠠᠵᠢᠯ ᠢ ᠴᠢᠨᠠᠭᠰᠢᠳᠠ ᠭᠦᠨᠵᠡᠭᠡᠶᠢᠷᠡᠭᠦᠯᠬᠦ ᠶᠢᠨ ᠲᠦᠯᠦᠭᠡ᠂ 6 ᠰᠠᠷ᠎ᠠ ᠶᠢᠨ 12 ᠤᠨ ᠡᠳᠦᠷ᠂ ᠬᠢᠶᠠᠨ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾  ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠬᠢᠪᠡ᠃
            奇乾.jpg
    ᠬᠤᠷᠠᠯ ᠳᠡᠭᠡᠷ᠎ᠡ᠂ ᠤᠬᠠᠭᠤᠯᠤᠨ ᠲᠠᠶᠢᠯᠪᠤᠷᠢᠯᠠᠭᠴᠢ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠡᠬᠦ ᠭᠤᠣᠯ ᠰᠡᠳᠦᠪ ᠤᠨ ᠲᠣᠭᠤᠷᠢᠨ ᠳᠤ᠂ ᠨᠠᠮ ᠤᠨ ᠦᠩᠭᠡ ᠭᠡᠷᠡᠯᠲᠦ ᠲᠡᠦᠬᠡ᠂ ᠠᠭᠤᠤ ᠶᠡᠭᠡ ᠠᠮᠵᠢᠯᠲᠠ ᠪᠦᠲᠦᠮᠵᠢ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃    ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠢᠶᠠᠷ ᠳᠠᠮᠵᠢᠭᠤᠯᠤᠨ᠂ ᠮᠠᠨ ᠤ ᠰᠢᠶᠠᠩ ᠤᠨ ᠺᠠᠳ᠋ᠷ ᠠᠵᠢᠯᠲᠠᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠭᠦᠨᠵᠡᠭᠡᠢ ᠲᠠᠨᠢᠭᠤᠯᠪᠠ᠃ ︽ ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠢᠲᠡᠭᠡᠯ ᠵᠣᠷᠢᠭ ᠢ ᠤᠯᠠᠮ ᠴᠢᠨᠠᠭᠰᠢᠳᠠ ᠪᠠᠲᠤᠳᠬᠠᠪᠠ᠃ ᠡᠬᠡ ᠤᠯᠤᠰ ᠤᠨ ᠬᠢᠯᠢ ᠬᠢᠵᠠᠭᠠᠷ ᠢ ᠪᠠᠲᠤ ᠰᠠᠬᠢᠬᠤ᠂ ᠤᠯᠤᠰ ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ ᠤᠯᠤᠰ ᠤᠨ ᠠᠮᠤᠷ ᠲᠦᠪᠰᠢᠨ ᠪᠣᠯᠤᠨ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠳᠤ ᠦᠷᠭᠦᠯᠵᠢᠯᠡᠨ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠢ ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ