6 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠡᠷᠭᠦᠨ᠎ᠡ ᠬᠤᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ᠂ ᠭᠠᠳᠠᠨ᠎ᠠ ᠠᠴᠠ | ᠤᠷᠤᠵᠤ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ᠂ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠢ ᠨᠠᠩ ᠰᠠᠶᠢᠲᠤᠷ ᠪᠡᠶᠡᠯᠡᠭᠦᠯᠬᠦ ᠶᠢᠨ ᠲᠥᠯᠥᠭᠡ᠂ ᠳᠡᠭᠡᠲᠦ | ᠦᠷᠭᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠭᠠᠳᠠᠨ᠎ᠠ ᠠᠴᠠ ᠤᠷᠤᠵᠤ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠢ ᠳᠠᠮᠵᠢᠭᠤᠯᠤᠨ | ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠪᠠ ᠃ ᠲᠤᠰ ᠤᠳᠠᠭᠠᠨ ᠤ ᠬᠤᠷᠠᠯ ᠳᠤ᠂ ᠮᠠᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠤᠷᠤᠭᠰᠢᠯᠠᠯᠲᠠ ᠲᠣᠰᠬᠤᠨ ᠤ ᠱᠦᠵᠢ᠂ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠳᠡᠭᠡᠲᠦ ᠦᠷᠭᠡᠨ ᠤ | ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠪᠢᠶᠠᠷᠢ ᠺᠣᠮᠫᠠᠨᠢ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠬᠠᠷᠢᠭᠤᠴᠠᠯᠭᠠᠲᠠᠨ | ᠤᠷᠤᠯᠴᠠᠪᠠ᠃ | | | ᠬᠤᠷᠠᠯ ᠳᠡᠭᠡᠷ᠎ᠡ ᠂ ᠭᠠᠳᠠᠨ᠎ᠠ ᠠᠴᠠ ᠤᠷᠤᠵᠤ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ᠂ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠳᠤ ᠲᠣᠳᠣᠷᠬᠠᠶ | ᠪᠥᠭᠡᠳ ᠪᠣᠳᠠᠲᠠᠶ ᠱᠠᠭᠠᠷᠳᠠᠯᠭ᠎ᠠ ᠳᠤᠷᠠᠳᠴᠠᠶ᠄ ᠨᠢᠭᠡ ᠳᠤ ᠂ ᠨᠤᠲᠤᠭ ᠲᠤ ᠪᠠᠨ ᠪᠤᠴᠠᠵᠤ ᠢᠷᠡᠭᠰᠡᠨ ᠮᠠᠯ ᠤᠨᠤᠭᠠᠨ ᠤ ᠢᠷᠡᠯᠲᠡ ᠶᠢ ᠪᠥᠬᠦ ᠲᠠᠯ᠎ᠠ ᠪᠠᠷ ᠬᠠᠷᠭᠤᠭᠤᠯᠤᠨ | ᠪᠠᠶᠢᠴᠠᠭᠠᠬᠤ ᠬᠡᠷᠡᠭᠲᠡᠶ᠃ ᠬᠤᠶᠠᠷ ᠲᠤ᠂ ᠭᠠᠳᠠᠨ᠎ᠠ ᠠᠴᠠ ᠤᠷᠤᠵᠤ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠃ | ᠭᠤᠷᠪᠠ ᠳᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠬᠡᠷᠡᠭᠲᠡᠢ᠃ | ᠲᠣᠰ ᠤᠳᠠᠭᠠᠨ ᠤ ᠬᠤᠷᠠᠯ ᠠᠴᠠ ᠭᠠᠳᠠᠨ᠎ᠠ ᠠᠴᠠ ᠤᠷᠤᠵᠤ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠵᠤ᠂ | ᠭᠠᠳᠠᠨ᠎ᠠ ᠠᠴᠠ ᠤᠷᠤᠵᠤ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ ᠢᠩᠭᠢᠭᠡᠳ᠂ ᠳᠡᠭᠡᠲᠦ ᠦᠷᠭᠡᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠪᠰᠤᠷᠴᠤ᠂ ᠭᠠᠳᠠᠨ᠎ᠠ ᠠᠴᠠ ᠤᠷᠤᠵᠤ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠢ ᠰᠢᠨ᠎ᠡ | ᠱᠠᠲᠤᠨ ᠳᠤ ᠭᠠᠷᠭᠠᠪᠠ᠃ |