ᠳᠡᠭᠡᠲᠦ ᠦᠷᠭᠡᠨ ᠵᠡᠭᠡᠯᠢ ᠭᠤᠳᠤᠮᠵᠢ ᠶᠢᠨ ᠤᠷᠤᠭᠰᠢᠯᠠᠯᠲᠠ ᠲᠣᠰᠬᠤᠨ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/13
     6 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠳᠡᠭᠡᠲᠦ ᠦᠷᠭᠡᠨ ᠵᠡᠭᠡᠯᠢ ᠭᠤᠳᠤᠮᠵᠢ ᠶᠢᠨ ᠤᠷᠤᠭᠰᠢᠯᠠᠯᠲᠠ ᠲᠣᠰᠬᠤᠨ ᠨᠠᠰᠤᠲᠠᠳ ᠢ ᠬᠠᠶᠢᠷᠠᠯᠠᠨ ᠬᠠᠯᠠᠮᠵᠢᠯᠠᠬᠤ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠪᠡ ᠃ ᠮᠠᠨ ᠤ ᠲᠤᠰᠬᠤᠨ ᠤ ᠺᠠᠳ᠋ᠷ ᠠᠵᠢᠯᠲᠠᠳ ᠦᠪᠡᠷ ᠤᠨ ᠦᠢᠯᠡ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠤᠷᠤᠭᠰᠢᠯᠠᠯᠲᠠ ᠲᠣᠰᠬᠤᠨ ᠤ ᠨᠠᠰᠤᠲᠠᠳ ᠲᠤ ᠬᠠᠶᠢᠷ᠎ᠠ ᠬᠠᠯᠠᠮᠵᠢ ᠬᠦᠷᠲᠡᠭᠡᠪᠡ᠃
         上库力1_副本.jpg
     ᠠᠵᠢᠯᠯᠠᠭᠠᠨ ᠤ ᠳᠤᠮᠳᠠ᠂ ᠰᠠᠶᠢᠨ ᠳᠤᠷᠠᠴᠤᠳ ᠭᠠᠭᠴᠠᠭᠠᠷ ᠢᠶᠠᠨ ᠰᠠᠭᠤᠵᠤ ᠪᠠᠶᠢᠭ᠎ᠠ ᠨᠠᠰᠤᠲᠠᠶᠢᠴᠤᠳ ᠤᠨ ᠬᠡᠷ ᠲᠤ ᠬᠦᠷᠴᠦ᠂ ᠨᠠᠰᠤᠲᠠᠶᠢᠴᠤᠳ ᠲᠠᠢ ᠳᠣᠲᠣᠨᠣᠰᠤᠭ ᠶᠠᠷᠢᠯᠴᠠᠪᠠ᠃ ᠲᠡᠳᠡᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠱᠠᠭᠠᠷᠳᠠᠯᠭ᠎ᠠ ᠶᠢ ᠠᠰᠠᠭᠤᠨ ᠯᠠᠪᠯᠠᠪᠠ᠃ ᠭᠠᠭᠴᠠᠭᠠᠷ ᠢᠶᠠᠨ ᠰᠠᠭᠤᠭ᠎ᠠ ᠪᠠᠶᠢᠭ᠎ᠠ ᠨᠠᠰᠤᠲᠠᠶᠢᠴᠤᠳ ᠲᠤ ᠠᠪᠴᠤ ᠬᠡᠯᠡᠪᠡᠯ᠂ ᠰᠠᠶᠢᠨ ᠳᠤᠷᠠᠴᠤᠳ ᠨᠠᠰᠤᠲᠠᠶᠢᠴᠤᠳ ᠤᠨ ᠣᠷᠣᠨ ᠰᠠᠭᠤᠴᠠ ᠶᠢ ᠣᠨᠴᠠᠭᠠᠶᠢᠯᠠᠨ ᠠᠩᠬᠠᠷᠴᠤ᠂ ᠤᠰᠤ ᠴᠠᠬᠢᠯᠭᠠᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠪᠠᠶᠢᠴᠠᠭᠠᠵᠤ᠂ ᠨᠢᠭᠤᠭᠳᠠᠮᠠᠯ ᠠᠮᠤᠷ ᠲᠦᠪᠰᠢᠨ ᠤ ᠭᠡᠮ ᠰᠣᠭᠤᠭ ᠢ ᠠᠷᠢᠯᠭᠠᠵᠤ ᠦᠭᠪᠡ᠃ ᠪᠠᠰᠠ ᠨᠠᠷᠢᠨ ᠨᠢᠭᠲᠠ ᠦᠢᠯᠡᠴᠢᠯᠡᠭᠡᠨ ᠤ ᠳᠠᠩᠰᠠ ᠡᠪᠬᠡᠮᠡᠯ ᠪᠠᠶᠢᠭᠤᠯᠤᠨ ᠂ ᠨᠠᠰᠤᠲᠠᠶᠢᠴᠤᠳ ᠤᠨ ᠦᠨᠳᠦᠰᠦᠨ ᠮᠡᠳᠡᠭᠡ ᠵᠠᠩᠭᠢ᠂ ᠡᠷᠡᠭᠦᠯ ᠮᠡᠨᠳᠦ ᠶᠢᠨ ᠪᠠᠶᠢᠳᠠᠯ᠂ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠵᠡᠷᠭᠡ ᠶᠢ ᠲᠡᠮᠲᠡᠭᠯᠡᠪᠡ᠃ ᠬᠤᠵᠢᠮ᠂ ᠨᠠᠰᠤᠲᠠᠶᠢᠴᠤᠳ ᠲᠤ ᠨᠡᠩ ᠣᠨᠣᠪᠴᠢᠲᠠᠢ᠂ ᠨᠡᠩ ᠳᠣᠲᠣᠨᠣ ᠦᠢᠯᠡᠴᠢᠯᠡᠭᠡ ᠬᠠᠩᠭᠠᠬᠤ ᠳᠤ ᠲᠦᠭᠦᠮ ᠦᠵᠡᠭᠦᠯᠪᠡ᠃
       上库力2.jpg
     ᠳᠠᠷᠠᠭᠠᠴᠢ ᠶᠢᠨ ᠠᠯᠬᠤᠮ ᠳᠤ᠂ ᠤᠷᠤᠭᠰᠢᠯᠠᠯᠲᠠ ᠲᠣᠰᠬᠤᠨ ᠦᠢᠯᠡᠴᠢᠯᠡᠭᠡᠨ ᠤ ᠠᠭᠤᠯᠭ᠎ᠠ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠢᠯᠡᠴᠢᠯᠡᠭᠡᠨ ᠤ  ᠬᠡᠪᠴᠢᠶ᠎ᠡ ᠪᠠᠨ ᠦᠷᠭᠡᠳᠭᠡᠨ ᠂ ᠨᠡᠩ ᠤᠯᠠᠨ ᠨᠠᠰᠤᠲᠠᠶᠢᠴᠤᠳ ᠲᠤ ᠲᠣᠰᠬᠤᠨ ᠤ ︽ᠬᠤᠶᠠᠷ ᠵᠥᠪᠯᠡᠯ︾ ᠤᠨ ᠬᠠᠶᠢᠷ᠎ᠠ ᠬᠠᠯᠠᠮᠵᠢ ᠶᠢ ᠬᠦᠷᠲᠡᠭᠡᠨ᠎ᠡ᠃ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠰᠠᠶᠢᠨ ᠰᠠᠶᠢᠬᠠᠨ ᠬᠥᠳᠡᠭᠡ ᠲᠣᠰᠬᠤᠨ ᠤ ᠠᠭᠤᠷ ᠠᠮᠢᠰᠬᠤᠯ ᠢ ᠪᠤᠢ ᠪᠤᠯᠭᠠᠨ᠎ᠠ ᠭᠡᠵᠡᠢ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ