ᠡᠩᠬᠡ ᠬᠠᠳᠠ ᠪᠠᠯᠭᠠᠰᠤᠨ ᠤ ᠺᠠᠳ᠋ᠷ ᠠᠵᠢᠯᠲᠠᠨ ᠤ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ | ᠢᠯᠭᠠᠨ ᠲᠠᠨᠢᠬᠤ ᠪᠠ ᠬᠤᠷᠢᠭᠯᠠᠬᠤ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 9 ᠤ ᠡᠳᠦᠷ᠂ ᠡᠩᠬᠡ ᠬᠠᠳᠠ ᠪᠠᠯᠭᠠᠰᠤᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠭᠤᠤᠯ ᠰᠡᠳᠦᠪᠲᠦ ᠤᠬᠠᠭᠤᠯᠬᠤ ᠠᠵᠢᠯᠯᠠᠭ᠎ᠠ ᠥᠷᠨᠢᠭᠦᠯᠪᠡ᠃ | | | ᠠᠵᠢᠯᠯᠠᠭᠠᠨ ᠤ ᠳᠤᠮᠳᠠ᠂ ᠤᠬᠠᠭᠤᠯᠤᠨ ᠲᠠᠶᠢᠯᠪᠤᠷᠢᠯᠠᠭᠴᠢ ︽ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾ | ᠲᠠᠢ ᠤᠶᠠᠯᠳᠤᠭᠤᠯᠤᠨ ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢᠨ ᠣᠨᠴᠠᠯᠢᠭ ᠪᠠ ᠬᠤᠣᠷ ᠬᠥᠨᠥᠭᠡᠯ ᠢ ᠲᠠᠶᠢᠯᠪᠤᠷᠢᠯᠠᠵᠤ᠂ ᠦᠨᠡᠨ ᠪᠣᠳᠠᠲᠠᠶ ᠬᠡᠷᠡᠭ ᠤᠨ | ᠵᠢᠱᠢᠶ᠎ᠡ ᠪᠠᠷ ᠳᠠᠮᠵᠢᠭᠤᠯᠤᠨ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠬᠤᠤᠷ ᠬᠥᠨᠥᠭᠡᠯ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠭᠦᠨᠵᠡᠭᠡᠶ ᠪᠥᠭᠡᠳ | ᠣᠶᠢᠯᠠᠭᠠᠮᠵᠢᠲᠠᠶ ᠲᠠᠶᠢᠯᠪᠤᠷᠢᠯᠠᠪᠠ ᠃ | ᠲᠣᠰ ᠤᠳᠠᠭᠠᠨ ᠤ ᠤᠬᠠᠭᠤᠯᠭ᠎ᠠ ᠨᠢ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠮᠡᠳᠡᠯᠭᠡ ᠶᠢ ᠪᠦᠲᠦᠮᠵᠢᠲᠡᠶ ᠲᠦᠭᠡᠮᠡᠯᠵᠢᠭᠦᠯᠵᠦ᠂ ᠡᠩᠬᠡ ᠬᠠᠳᠠ | ᠪᠠᠯᠭᠠᠰᠤᠨ ᠤ ᠺᠠᠳ᠋ᠷ ᠠᠵᠢᠯᠲᠠᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠢᠯᠭᠠᠨ ᠲᠠᠨᠢᠬᠤ ᠪᠠ ᠬᠤᠷᠢᠭᠯᠠᠬᠤ ᠴᠢᠳᠠᠪᠤᠷᠢ ᠶᠢ ᠴᠢᠩᠭᠠᠳᠬᠠᠨ᠂ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠡᠩᠬᠡ ᠬᠠᠳᠠ ᠪᠠᠯᠭᠠᠰᠤᠨ ᠤ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠲᠤ ᠪᠠᠷ ᠰᠠᠬᠢᠨ | ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠠᠶ᠃ ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠤᠯᠠᠨ ᠶᠠᠩᠵᠤ ᠶᠢᠨ ᠤᠬᠠᠭᠤᠯᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠺᠠᠳ᠋ᠷ ᠠᠵᠢᠯᠳᠠᠨ ᠠᠵᠢᠯᠴᠢᠨ ᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃ |